ᠰᠢᠶᠠᠨ ᠤ ᠵᠠᠰᠠᠭ ᠤᠨ ᠣᠷᠳᠣᠨ 2024 ᠣᠨ ᠤ 10 ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
   7 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠰᠢᠶᠠᠨ ᠤ ᠵᠠᠰᠠᠭ ᠤᠨ ᠣᠷᠳᠣᠨ ᠤ 2024 ᠣᠨ ᠤ 10 ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠶᠢ ᠰᠤᠷᠤᠯᠴᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠤᠯᠠᠮᠵᠢᠯᠠᠨ ᠰᠤᠷᠤᠯᠴᠠᠵᠤ᠂ ︽ᠪᠥᠬᠦ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾᠂ ︽ᠪᠥᠬᠦ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾᠂ ︽ᠯᠢᠶᠠᠩᠴᠧᠩ ᠰᠢᠶᠠᠨ ᠤ 2024 ᠣᠨ ᠤ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠬᠦ ᠬᠡᠷᠡᠭᠵᠢᠭᠦᠯᠬᠦ ᠲᠥᠰᠦᠯ︾᠂ ︽ᠯᠢᠶᠠᠩᠴᠧᠩ ᠰᠢᠶᠠᠨ ᠤ 2024 ᠣᠨ ᠤ ᠶᠠᠳᠠᠭᠤ ᠶᠢ ᠰᠡᠷᠭᠡᠶᠢᠯᠡᠬᠦ ᠳᠠᠭᠠᠳᠬᠠᠯ ᠤᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠂ ︽ᠯᠢᠶᠠᠩᠴᠧᠩ ᠰᠢᠶᠠᠨ ᠤ 2024 ᠣᠨ ᠤ ᠦᠢᠯᠡᠳᠪᠦᠷᠢᠯᠡᠯ ᠤᠨ ᠱᠠᠩᠨᠠᠯ ᠬᠥᠳᠡᠯᠮᠦᠷᠢ ᠶᠢᠨ ᠱᠠᠩᠨᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠵᠢᠯᠣᠭᠤᠳᠬᠤ ᠰᠠᠨᠠᠯ︾ ᠢ ᠬᠢᠨᠠᠨ ᠵᠥᠪᠯᠡᠵᠦ᠂ ᠮᠠᠨ ᠤ ᠰᠢᠶᠠᠨ ᠤ ︽ᠬᠠᠯᠠᠭᠤᠨ ᠳᠤᠯᠠᠭᠠᠨ ᠢᠨᠵᠧᠨᠧᠷᠢᠩ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ︽ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ︾᠂ ︽ᠦᠨᠡᠮᠯᠡᠯ ᠠᠪᠬᠤ ᠳᠤ ᠬᠦᠴᠢᠷ︾ ᠵᠡᠷᠭᠡ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠣᠷᠣᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠤᠯᠤᠰ ᠲᠥᠷᠥ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠂ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠥᠭᠡᠷᠡᠴᠢᠯᠡᠯᠲᠡ ᠶᠢᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠶᠢᠬᠤ ᠶᠢ ᠦᠨᠡᠨ ᠬᠦ ᠪᠠᠲᠤᠯᠠᠵᠤ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠬᠡᠨ᠂ ᠣᠯᠠᠨ ᠲᠦᠮᠡᠨ ᠯᠦᠭᠡ ᠶᠢᠨ ᠨᠡᠪᠲᠡᠷᠡᠯᠴᠡᠨ ᠲᠠᠶᠢᠯᠪᠤᠷᠢᠯᠠᠬᠤ ᠠᠵᠢᠯ ᠢ ᠴᠢᠩᠭᠠᠳᠬᠠᠵᠤ᠂ ᠴᠠᠭ ᠤᠨ ᠵᠠᠩᠭᠢᠶᠠᠰᠤ ᠶᠣᠰᠣᠭᠠᠷ ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠵᠢᠯᠣᠭᠤᠳᠬᠤ ᠪᠠ ᠲᠣᠬᠢᠷᠠᠭᠤᠯᠬᠤ ᠪᠠᠨ ᠴᠢᠩᠭᠠᠳᠬᠠᠵᠤ᠂ ᠲᠠᠰ ᠳᠠᠷᠠᠭᠠᠯᠠᠯ ᠢ ᠵᠢᠷᠤᠮᠵᠢᠭᠤᠯᠤᠨ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠠᠬᠢᠴᠠ ᠶᠢ ᠲᠦᠷᠭᠡᠳᠬᠡᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠠᠵᠢᠯ ᠤᠨ ᠡᠭᠦᠷᠭᠡ ᠪᠠᠨ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠬᠢᠨᠠᠨ ᠵᠥᠪᠯᠡᠵᠦ ᠰᠤᠳᠤᠯᠪᠠ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2