ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠵᠢᠯᠯᠠᠭ᠎ᠠ ᠶᠢᠨ ᠥᠷᠨᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ | ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠭᠰᠠᠨ | ᠯᠢᠶᠠᠩᠴᠧᠩ ᠰᠢᠶᠠᠨ ᠤ ᠠᠩᠬᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠣᠶᠤᠨ ᠴᠢᠳᠠᠪᠤᠷᠢ | ᠵᠢᠴᠢ ᠡᠭᠦᠳᠦᠭᠴᠢ ᠶᠢᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠠᠵᠢᠯᠯᠠᠭ᠎ᠠ ᠶᠢ ᠰᠢᠶᠠᠨ ᠤ | ᠭᠤᠷᠪᠠᠳᠤᠭᠠᠷ ᠳᠤᠮᠳᠠᠳᠤ ᠰᠤᠷᠭᠠᠭᠤᠯᠢ ᠳᠤ ᠠᠮᠵᠢᠯᠲᠠ ᠲᠠᠢ ᠡᠷᠬᠢᠯᠡᠪᠡ᠃ ᠡᠨᠡ ᠤᠳᠠᠭᠠᠨ ᠤ ᠠᠵᠢᠯᠯᠠᠭ᠎ᠠ ᠨᠢ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠰᠤᠷᠭᠠᠨ ᠬᠥᠮᠦᠵᠢᠯ᠂ ᠰᠢᠨ᠎ᠡ ᠶᠢ ᠡᠭᠦᠳᠬᠦ ᠪᠠᠷ ᠢᠷᠡᠭᠡᠳᠦᠶ ᠶᠢ ᠬᠥᠲᠥᠯᠥᠨ | ᠳᠠᠭᠠᠭᠤᠯᠬᠤ︾ ᠪᠠᠷ ᠭᠤᠤᠯ ᠰᠡᠳᠦᠪ ᠪᠣᠯᠭᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠣᠷᠢᠭ ᠰᠠᠨᠠᠭ᠎ᠠ ᠶᠢ ᠬᠥᠭᠵᠢᠭᠡᠵᠦ᠂ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠯᠢᠶᠠᠩᠴᠧᠩ | ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠣᠶᠤᠨᠴᠢ ᠰᠢᠨ᠎ᠡ ᠶᠢ ᠡᠭᠦᠳᠦᠭᠴᠢ ᠶᠢᠨ ᠰᠤᠷᠭᠠᠨ ᠬᠥᠮᠦᠵᠢᠯ ᠤᠨ | ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ ᠬᠤᠲᠠ ᠶᠢᠨ ᠰᠤᠷᠭᠠᠨ ᠬᠥᠮᠦᠵᠢᠯ ᠤᠨ ᠮᠡᠷᠭᠡᠵᠢᠯ ᠬᠢᠭᠡᠳ | ᠲᠤᠷᠰᠢᠯᠲᠠ ᠶᠢᠨ ᠵᠢᠭᠠᠨ ᠰᠤᠷᠭᠠᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠯᠢᠦ ᠴᠢᠩ ᠵᠢᠴᠢ ᠮᠠᠨ ᠤ | ᠰᠢᠶᠠᠨ ᠤ ᠤᠳᠤᠷᠢᠳᠤᠯᠭ᠎ᠠ ᠯᠦ ᠶᠢᠦ ᠹᠦ᠋᠂ ᠹᠧᠩ ᠵᠢᠶᠦ᠋ᠨ ᠠᠵᠢᠯᠯᠠᠭ᠎ᠠ ᠳᠤ ᠣᠷᠣᠯᠴᠠᠵᠤ᠂ ᠪᠥᠬᠦ ᠰᠢᠶᠠᠨ ᠤ ᠠᠷᠪᠠᠨ | ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠶᠢᠨ 200 ᠭᠠᠷᠤᠶ ᠬᠥᠮᠦᠨ ᠲᠣᠰ ᠤᠳᠠᠭᠠᠨ ᠤ | ᠠᠵᠢᠯᠯᠠᠭ᠎ᠠ ᠳᠤ ᠣᠷᠣᠯᠴᠠᠪᠠ᠃ | | | | | | | | | | | | | | | | | | | | | | | | | | | | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |