︽ᠯᠢᠶᠠᠩᠴᠧᠩ ᠰᠢᠶᠠᠨ ᠤ 2024 ᠣᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/12
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ 2023 ᠣᠨ ᠤ 11 ᠰᠠᠷ᠎ᠠ ᠶᠢᠨ 6᠎ ᠤ ᠡᠳᠦᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠤᠨ ᠬᠠᠷᠠᠭᠠᠨ ᠳᠠᠪᠲᠠᠮᠵᠢ ᠶᠢᠨ ᠲᠣᠬᠢᠷᠠᠭᠤᠯᠤᠯᠲᠠ ᠶᠢᠨ ᠬᠤᠷᠠᠯ ᠤᠨ ᠲᠣᠪᠴᠢ ᠲᠡᠮᠳᠡᠭᠯᠡᠯ︾᠂ ︽ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ 2024 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠢ ᠵᠢᠭᠰᠠᠭᠠᠨ ᠪᠠᠶᠢᠴᠠᠭᠠᠬᠤ ᠲᠤᠬᠠᠶ ᠮᠡᠳᠡᠭᠳᠡᠯ︾ ︵ᠤᠯᠠᠭᠠᠨᠴᠠᠪ ᠲᠣᠰᠬᠤᠨ ﹇2020﹈ 9 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠳᠣᠭᠢᠷᠠᠭᠤᠯᠤᠨ ᠰᠢᠯᠢᠳᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃    ᠬᠤᠶᠠᠷ᠂ ᠬᠠᠷᠠᠯᠲᠠ ᠶᠢᠨ ᠡᠭᠦᠷᠭᠡ    2024 ᠣᠨ ᠳᠤ ᠵᠢᠷᠭᠤᠳᠤᠭᠠᠷ ᠲᠥᠷᠥᠯ ᠤᠨ ᠭᠤᠤᠯᠳᠠᠯᠭ᠎ᠠ ᠲᠠᠢ ᠡᠲᠡᠭᠡᠳ ᠬᠥᠳᠡᠭᠡ ᠲᠣᠰᠬᠤᠨ ᠤ 82 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠲᠠᠢ᠂ ᠡᠭᠦᠨ ᠳᠤ ᠬᠤᠩ ᠮᠤᠤ ᠪᠠᠯᠭᠠᠰᠤ 16᠂ ᠲᠠᠭ᠎ᠠ ᠶᠢᠨ ᠨᠠᠭᠤᠷ ᠪᠠᠯᠭᠠᠰᠤ 4᠂ ᠮᠠᠶᠢᠬᠠᠨᠳᠤ ᠪᠠᠯᠭᠠᠰᠤ 4᠂ ᠶᠦᠩ ᠰᠢᠩ ᠪᠠᠯᠭᠠᠰᠤ 2᠂ ᠵᠢᠷᠭᠤᠳᠤᠭᠠᠷ ᠰᠤᠮᠤ ᠪᠠᠯᠭᠠᠰᠤ 6᠂ ᠮᠠᠩᠬᠠᠨ ᠪᠠᠯᠭᠠᠰᠤ 19᠂ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ 7᠂ ᠲᠢᠶᠠᠨ ᠴᠧᠩ ᠰᠢᠶᠠᠩ 24 ᠪᠣᠶ᠃ ᠬᠥᠳᠡᠯᠦᠩᠭᠦᠶ ᠪᠠᠷ ᠰᠢᠨ᠎ᠡ ᠪᠠᠷ ᠨᠡᠮᠡᠭᠳᠡᠭᠰᠡᠨ ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾᠎ ᠤᠨ ᠨᠤᠷᠠᠬᠤ ᠠᠶᠤᠯᠲᠠᠶ ᠬᠡᠷ ᠪᠠᠶᠢᠰᠢᠩ ᠨᠢ ︽ᠨᠤᠷᠠᠬᠤ ᠠᠶᠤᠯᠲᠠᠶ ᠬᠡᠷ ᠪᠠᠶᠢᠰᠢᠩ ᠳᠤ ᠬᠥᠮᠦᠨ ᠰᠠᠭᠤᠬᠤ ᠥᠬᠡᠶ᠂ ᠨᠤᠷᠠᠬᠤ ᠠᠶᠤᠯᠲᠠᠶ ᠬᠡᠷ ᠪᠠᠶᠢᠰᠢᠩ ᠥᠬᠡᠶ ᠪᠠᠶᠢᠬᠤ︾᠎ ᠶᠢ ᠦᠨᠡᠨᠬᠦ ᠪᠡᠶᠡᠯᠡᠭᠦᠯᠦᠨ᠎ᠡ᠃    ᠭᠤᠷᠪᠠ᠂ ᠬᠡᠷᠡᠭᠵᠢᠭᠦᠯᠬᠦ ᠱᠠᠭᠠᠷᠳᠠᠯᠭ᠎ᠠ    ︵ᠨᠢᠭᠡ︶ ᠬᠠᠷᠢᠭᠤᠴᠠᠯᠭ᠎ᠠ ᠶᠢᠨ ᠭᠤᠣᠯ ᠴᠣᠭᠴᠠ    ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠳᠤ ᠰᠢᠶᠠᠨ ᠤ ᠵᠠᠰᠠᠭ ᠤᠨ ᠣᠷᠳᠣᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ᠂ ᠰᠢᠶᠠᠩ ᠪᠠᠯᠭᠠᠰᠤ ᠰᠢᠭᠤᠳ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠲᠡᠭᠡᠳ ᠢ ᠬᠢᠨᠠᠨ ᠵᠥᠪᠰᠢᠶᠡᠷᠡᠬᠦ᠂ ᠡᠭᠦᠷᠭᠡ ᠶᠢ ᠵᠠᠳᠠᠯᠬᠤ᠂ ᠪᠡᠯᠡ ᠮᠥᠩᠭᠦ ᠰᠠᠯᠭᠠᠨ ᠥᠭᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ᠂ ᠶᠠᠰᠤ ᠴᠢᠨᠠᠷ ᠢ ᠬᠢᠨᠠᠨ ᠬᠠᠮᠢᠶᠠᠷᠬᠤ᠂ ᠰᠢᠯᠭᠠᠨ ᠠᠪᠴᠤ ᠳᠠᠩᠰᠠᠯᠠᠬᠤ ᠭᠤᠤᠯ ᠬᠠᠷᠢᠭᠤᠴᠠᠯᠭ᠎ᠠ ᠶᠢ ᠡᠭᠦᠷᠭᠡᠯᠡᠨ᠎ᠡ︔ ᠰᠢᠶᠠᠩ ᠪᠠᠯᠭᠠᠰᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠲᠡᠭᠡᠳ ᠢ ᠬᠢᠨᠠᠨ ᠬᠠᠷᠭᠤᠭᠤᠯᠬᠤ᠂ ᠡᠭᠦᠷᠭᠡ ᠶᠢ ᠨᠠᠶᠢᠳᠠᠪᠤᠷᠢᠵᠢᠭᠤᠯᠬᠤ᠂ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠬᠤ᠂ ᠶᠠᠰᠤ ᠴᠢᠨᠠᠷ ᠢ ᠬᠢᠨᠠᠨ ᠬᠠᠮᠢᠶᠠᠷᠬᠤ᠂ ᠪᠠᠷᠢᠯᠭ᠎ᠠ ᠳᠤ ᠬᠢᠨᠠᠯᠲᠠ ᠲᠠᠯᠪᠢᠬᠤ᠂ ᠲᠤᠭ᠎ᠠ ᠪᠠᠷᠢᠮᠲᠠ ᠶᠢ ᠰᠦᠯᠵᠢᠶ᠎ᠡ ᠪᠠᠷ ᠲᠡᠮᠳᠡᠭᠯᠡᠬᠦ᠂ ᠲᠠᠩᠰᠠ ᠡᠪᠬᠡᠮᠡᠯ ᠪᠠᠶᠢᠭᠤᠯᠬᠤ᠂ ᠪᠠᠯᠠ ᠮᠥᠩᠭᠦ ᠶᠢ ᠰᠠᠯᠭᠠᠨ ᠥᠭᠬᠦ ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ︔ ᠲᠣᠰᠬᠤᠨ ᠤ ᠠᠷᠠᠳ ᠤᠨ ᠵᠥᠪᠯᠡᠯ ᠡᠲᠡᠭᠡᠳ ᠦᠨᠡᠯᠡᠨ ᠶᠠᠷᠢᠯᠴᠠᠬᠤ᠂ ᠡᠭᠦᠷᠭᠡ ᠮᠡᠳᠡᠭᠦᠯᠬᠦ᠂ ᠡᠲᠡᠭᠡᠳ ᠢ ᠬᠠᠮᠢᠶᠠᠷᠬᠤ᠂ ᠵᠠᠷᠯᠠᠨ ᠨᠡᠶᠢᠲᠡᠯᠡᠬᠦ ᠵᠡᠷᠭᠡ ᠪᠣᠳᠠᠲᠠᠶ ᠬᠠᠷᠢᠭᠤᠴᠠᠯᠭ᠎ᠠ ᠶᠢ ᠡᠭᠦᠷᠭᠡᠯᠡᠨ᠎ᠡ᠃     ︵ᠬᠤᠶᠠᠷ︶ ᠪᠠᠲᠤᠯᠠᠬᠤ ᠡᠲᠡᠭᠡᠳ    ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠡᠲᠡᠭᠡᠳ ᠲᠤ ᠭᠤᠣᠯᠳᠠᠭᠤ ᠨᠤᠷᠠᠬᠤ ᠠᠶᠤᠯᠲᠠᠶ ᠭᠡᠷ ᠪᠠᠶᠢᠰᠢᠩ ᠳᠤ ᠰᠠᠭᠤᠵᠤ ᠪᠠᠶᠢᠭ᠎ᠠ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠡᠷᠦᠬᠡ ᠪᠠᠭᠲᠠᠨ᠎ᠠ᠄ 1. ᠵᠢᠷᠭᠤᠭᠠᠨ ᠲᠥᠷᠥᠯ ᠤᠨ ᠭᠤᠣᠯᠳᠠᠯᠭ᠎ᠠ ᠲᠠᠢ ᠡᠲᠡᠭᠡᠳ ᠪᠠᠭᠲᠠᠨ᠎ᠠ᠃ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ ᠡᠷᠦᠬᠡ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠦᠷᠲᠡᠭᠰᠡᠨ ᠥᠬᠡᠶ ᠮᠥᠷᠲᠡᠭᠡᠨ ᠲᠣᠰ ᠪᠡᠶ᠎ᠡ ᠶᠢᠨ ᠬᠦᠴᠦᠨ ᠳᠤ ᠲᠦᠰᠢᠭᠯᠡᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠠᠷᠭ᠎ᠠ ᠥᠬᠡᠶ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ᠂ ᠡᠪᠡᠳᠴᠢᠨ ᠪᠠ ᠭᠠᠮᠰᠢᠭ ᠠᠴᠠ ᠪᠣᠯᠵᠣ ᠰᠠᠨᠠᠭᠠᠨ ᠳᠤ ᠥᠬᠡᠶ ᠠᠳᠡᠯ ᠵᠡᠷᠭᠡ ᠵᠠᠶᠢᠯᠠᠰᠢ ᠥᠬᠡᠶ ᠵᠠᠷᠤᠯᠭ᠎ᠠ ᠪᠠᠷ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠳᠤ ᠬᠦᠴᠢᠷᠳᠡᠯ ᠲᠠᠢ ᠡᠷᠦᠬᠡ ᠢᠯᠡᠷᠡᠭᠰᠡᠨ ᠪᠠᠶᠢᠨ᠎ᠠ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠨᠢᠭᠡᠨᠲᠡ ᠬᠡᠷᠡᠭᠵᠢᠭᠦᠯᠦᠭᠰᠡᠨ ᠪᠣᠯᠪᠠᠴᠤ ᠵᠢᠵᠢᠭ ᠬᠡᠯᠪᠡᠷᠢ ᠶᠢᠨ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠠᠴᠠ ᠪᠣᠯᠵᠣ ᠪᠠᠰᠠ ᠨᠤᠷᠠᠬᠤ ᠠᠶᠤᠯᠲᠠᠶ ᠬᠡᠷ ᠪᠠᠶᠢᠰᠢᠩ ᠪᠣᠯᠵᠣ ᠬᠤᠪᠢᠷᠬᠠᠰᠠᠨ ᠪᠥᠭᠡᠳ ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠲᠤ ᠨᠡᠶᠢᠴᠡᠬᠦ ᠲᠠᠷᠢᠶᠠᠴᠢᠨ ᠡᠷᠦᠬᠡ ᠳᠤ ᠰᠢᠶᠠᠩ ᠪᠠᠯᠭᠠᠰᠤᠨ ᠤ ᠭᠡᠷᠡᠴᠢᠯᠡᠬᠦ ᠮᠠᠲ᠋ᠧᠷᠢᠶᠠᠯ ᠢ ᠰᠠᠶᠢᠲᠤᠷ ᠬᠢᠭᠰᠡᠨ ᠤ ᠳᠠᠷᠠᠭ᠎ᠠ ᠲᠡᠭᠦᠨ ᠢ 2024 ᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠳᠡᠮᠵᠢᠬᠦ ᠬᠡᠪᠴᠢᠶᠡᠨ ᠳᠤ ᠳᠠᠬᠢᠨᠲᠠ ᠣᠷᠣᠭᠤᠯᠵᠤ ᠪᠣᠯᠤᠨ᠎ᠠ ᠃ 2. ᠵᠢᠷᠭᠤᠭᠠᠨ ᠲᠥᠷᠥᠯ ᠤᠨ ᠪᠤᠰᠤ ᠭᠤᠤᠯᠳᠠᠯᠭ᠎ᠠ ᠲᠠᠢ ᠡᠲᠡᠭᠡᠳ᠃ ᠵᠢᠷᠭᠤᠳᠤᠭᠠᠷ ᠲᠥᠷᠥᠯ ᠤᠨ ᠭᠤᠤᠯᠳᠠᠯᠭ᠎ᠠ ᠲᠠᠢ ᠡᠲᠡᠭᠡᠳ ᠠᠴᠠ ᠭᠠᠳᠠᠨᠠᠬᠢ ᠪᠠᠶᠢᠩᠭᠤ ᠰᠠᠭᠤᠭ᠎ᠠ ᠡᠷᠦᠬᠡ᠂ ᠭᠠᠳᠠᠭᠰᠢ ᠭᠠᠷᠴᠤ ᠨᠢᠭᠡ ᠵᠢᠯ ᠠᠴᠠ ᠳᠡᠭᠡᠭᠰᠢ ᠨᠤᠲᠤᠭ ᠲᠤ ᠪᠠᠨ ᠪᠤᠴᠠᠭᠰᠠᠨ ᠲᠠᠷᠢᠶᠠᠴᠢᠨ ᠡᠷᠦᠬᠡ ᠪᠠ ᠨᠢᠭᠡᠨᠲᠡ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠶᠢ ᠬᠦᠷᠲᠡᠭᠰᠡᠨ ᠪᠣᠯᠪᠠᠴᠤ ᠭᠡᠷ ᠪᠠᠶᠢᠰᠢᠩ ᠨᠢ C᠂ D ᠳᠡᠰ ᠢᠶᠠᠷ ᠰᠢᠨ᠎ᠡ ᠪᠠᠷ ᠬᠢᠨᠠᠨ ᠲᠣᠭᠲᠠᠭᠠᠭᠳᠠᠭᠰᠠᠨ ᠲᠠᠷᠢᠶᠠᠴᠢᠨ ᠡᠷᠦᠬᠡ ᠳᠤ ᠡᠳ᠋ ᠤᠨ ᠵᠠᠰᠠᠭ ᠠᠴᠠ ᠠᠰᠠᠷᠠᠨ ᠲᠡᠵᠢᠭᠡᠬᠦ ᠡᠷᠦᠬᠡ ︵ᠬᠥᠳᠡᠭᠡ ᠲᠣᠰᠬᠤᠨ ᠤ ᠠᠵᠢᠯ ᠠᠴᠠ ᠪᠠᠨ ᠠᠮᠠᠷᠠᠭᠰᠠᠨ ᠪᠠᠭᠰᠢ᠂ ᠨᠠᠰᠤ ᠨᠥᠭᠴᠢᠭᠰᠡᠳ ᠤᠨ ᠭᠡᠷ ᠪᠦᠯᠢ ᠶᠢᠨ ᠲᠠᠷᠢᠶᠠᠴᠢᠨ ᠡᠷᠦᠬᠡ︶᠂ ᠨᠡᠶᠢᠭᠡᠮ ᠤᠨ ᠪᠠᠲᠤᠯᠠᠭᠠᠲᠤ ᠡᠷᠦᠬᠡ ︵ᠥᠪᠡᠷ ᠢᠶᠠᠨ ᠪᠡᠯᠡ ᠮᠥᠩᠭᠦ ᠴᠤᠭᠯᠠᠭᠤᠯᠬᠤ ᠪᠠᠷ ᠳᠠᠮᠵᠢᠭᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠷᠠᠳ ᠠᠴᠠ ᠡᠷᠬᠢᠯᠡᠭᠰᠡᠨ ᠪᠠᠭᠰᠢ ᠪᠠᠷ ᠯᠠᠪᠯᠠᠯᠲᠠ ᠪᠣᠯᠭᠠᠵᠤ ᠮᠠᠯᠴᠢᠨ ᠲᠠᠷᠢᠶᠠᠴᠢᠨ ᠡᠷᠦᠬᠡ︶᠂ ᠪᠤᠰᠤᠳ ᠡᠩ ᠤᠨ ᠡᠷᠦᠬᠡ ︵ᠥᠪᠡᠷ ᠢᠶᠠᠨ ᠪᠡᠯᠡ ᠮᠥᠩᠭᠦ ᠴᠤᠭᠯᠠᠭᠤᠯᠬᠤ ᠪᠠ ᠬᠦᠴᠦ ᠬᠥᠳᠡᠯᠮᠦᠷᠢ ᠣᠷᠣᠭᠤᠯᠬᠤ ᠴᠢᠳᠠᠪᠤᠷᠢ ᠪᠠᠷ ᠪᠠᠭᠤᠷᠠᠢ ᠣᠨᠴᠠᠭᠠᠶ ᠬᠦᠴᠢᠷᠳᠡᠯᠲᠡᠢ ᠲᠠᠷᠢᠶᠠᠴᠢᠨ ᠡᠷᠦᠬᠡ︶ ᠵᠡᠷᠭᠡ ᠶᠢ ᠪᠠᠭᠲᠠᠭᠠᠨ᠎ᠠ᠃    ᠪᠠᠲᠤᠯᠠᠬᠤ ᠡᠲᠡᠭᠡᠳ ᠢ ᠮᠠᠭᠠᠳᠯᠠᠨ ᠲᠣᠭᠲᠠᠭᠠᠬᠤ᠄ 1. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠ ᠬᠠᠷᠢᠶ᠎ᠠ ᠰᠢᠶᠠᠩ ᠪᠠᠯᠭᠠᠰᠤ ᠠᠴᠠ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠷᠦᠬᠡ᠂ ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ ᠡᠷᠦᠬᠡ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ ᠶᠢ ᠮᠠᠭᠠᠳᠯᠠᠨ ᠲᠣᠭᠲᠠᠭᠠᠬᠤ ᠶᠢ ᠬᠠᠷᠢᠭᠤᠴᠠᠨ᠎ᠠ︔ 2. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠷᠢᠶ᠎ᠠ ᠰᠢᠶᠠᠩ ᠪᠠᠯᠭᠠᠰᠤ ᠲᠠᠢ ᠬᠠᠮᠲᠤᠷᠠᠨ ᠡᠪᠡᠳᠴᠢᠨ ᠠᠴᠠ ᠪᠤᠯᠵᠤ ᠭᠠᠮᠰᠢᠭ ᠠᠴᠠ ᠪᠤᠯᠵᠤ ᠰᠠᠨᠠᠭᠠᠨ ᠳᠤ ᠦᠭᠡᠢ ᠠᠳᠡᠯ ᠭᠠᠷᠤᠭᠰᠠᠨ ᠵᠡᠷᠭᠡ ᠵᠠᠶᠢᠯᠠᠰᠢ ᠦᠭᠡᠢ ᠵᠠᠷᠤᠯᠭ᠎ᠠ ᠪᠠᠷ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠲᠠᠢ ᠡᠷᠦᠬᠡ ᠶᠢ ᠮᠠᠭᠠᠳᠯᠠᠨ ᠲᠣᠭᠲᠠᠭᠠᠨ᠎ᠠ᠃   ︵ᠭᠤᠷᠪᠠ︶ ᠦᠭᠡᠷᠡᠴᠢᠯᠡᠬᠦ ᠠᠷᠭ᠎ᠠ ᠮᠠᠶ᠋ᠢᠭ    ᠭᠡᠷ ᠪᠠᠶᠢᠰᠢᠩ ᠤᠨ ᠠᠶᠤᠯ ᠤᠨ ᠬᠡᠮᠵᠢᠶ᠎ᠡ ᠶᠣᠰᠣᠭᠠᠷ᠂ ᠣᠯᠠᠨ ᠲᠦᠮᠡᠨ ᠤ ᠰᠠᠨᠠᠯ ᠢ ᠭᠦᠢᠴᠡᠳ ᠬᠦᠨᠳᠦᠳᠬᠡᠭᠰᠡᠨ ᠤᠷᠢᠲᠠᠯ ᠳᠣᠤᠷ᠎ᠠ᠂ ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠬᠤ᠂ ᠰᠣᠯᠢᠬᠤ ᠵᠡᠷᠭᠡ ᠥᠭᠡᠷᠡᠴᠢᠯᠡᠬᠦ ᠠᠷᠭ᠎ᠠ ᠮᠠᠶ᠋ᠢᠭ ᠢ ᠠᠪᠬᠤ ᠬᠡᠷᠡᠭᠲᠡᠶ᠃    ᠰᠢᠨ᠎ᠡ ᠪᠠᠷ ᠪᠠᠶᠢᠭᠤᠯᠬᠤ᠄ ᠣᠳᠣ ᠶᠢᠨ ᠪᠠᠶᠢᠭ᠎ᠠ ᠣᠷᠣᠨ ᠰᠠᠭᠤᠴᠠ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠶᠢ ᠣᠷᠣᠰᠢᠨ ᠰᠠᠭᠤᠵᠤ ᠪᠣᠯᠬᠤ ᠦᠭᠡᠢ᠂ D ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠷ ᠬᠢᠨᠠᠨ ᠲᠣᠭᠲᠠᠭᠠᠭᠰᠠᠨ︔ C ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ︵ᠰᠢᠪᠠᠷ ᠪᠠᠶᠢᠰᠢᠩ ᠪᠠᠶᠢᠰᠢᠩ᠂ ᠰᠢᠷᠣᠢ ᠮᠣᠳᠣᠨ ᠤ ᠪᠦᠲᠦᠴᠡ︶ ᠵᠢᠴᠢ ᠰᠡᠯᠪᠢᠨ ᠵᠠᠰᠠᠬᠤ ᠦᠨ᠎ᠡ ᠥᠷᠲᠡᠭ ᠦᠭᠡᠢ ᠪᠠᠶᠢᠪᠠᠯ᠂ ᠰᠢᠨ᠎ᠡ ᠪᠠᠷ ᠪᠠᠶᠢᠭᠤᠯᠬᠤ ᠠᠷᠭ᠎ᠠ ᠮᠠᠶ᠋ᠢᠭ ᠢ ᠠᠪᠴᠤ ᠥᠭᠡᠷᠡᠴᠢᠯᠡᠨ ᠰᠢᠨᠡᠳᠬᠡᠬᠦ ᠶᠢᠨ ᠬᠠᠮᠲᠤ᠂ ᠣᠳᠣ ᠶᠢᠨ ᠪᠠᠶᠢᠭ᠎ᠠ ᠨᠤᠷᠠᠬᠤ ᠠᠶᠤᠯᠲᠠᠢ ᠭᠡᠷ ᠪᠠᠶᠢᠰᠢᠩ ᠢ ᠨᠤᠷᠠᠭᠠᠬᠤ ᠬᠡᠷᠡᠭᠲᠡᠢ᠃    ᠰᠡᠯᠪᠢᠨ ᠵᠠᠰᠠᠬᠤ᠄ ᠤᠤᠯ ᠤᠨ ᠬᠡᠷ ᠪᠠᠶᠢᠰᠢᠩ ᠤᠨ ᠭᠤᠤᠯ ᠲᠤᠨᠤᠭᠯᠠᠭᠠᠰᠤ᠂ ᠬᠡᠷᠡᠮ᠂ ᠰᠠᠭᠤᠷᠢ ᠬᠡᠰᠡᠭ ᠡᠪᠳᠡᠷᠡᠵᠦ ᠰᠦᠢᠳᠦᠭᠰᠡᠨ᠂ ᠳᠡᠳ᠋ ᠲᠤᠨᠤᠭᠯᠠᠭᠠᠰᠤ ᠶᠢᠨ ᠪᠦᠬᠦᠯᠢ ᠴᠣᠭᠴᠠ ᠨᠢ ᠡᠪᠳᠡᠭᠳᠡᠵᠦ᠂ ᠰᠢᠯᠭᠠᠨ ᠬᠢᠨᠠᠯᠲᠠ ᠬᠢᠬᠦ ᠪᠠᠷ ᠳᠠᠮᠵᠢᠨ C ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢᠶᠠᠷ ᠲᠣᠭᠲᠠᠭᠠᠭᠰᠠᠨ ᠪᠠᠶᠢᠪᠠᠯ᠂ ᠰᠡᠯᠪᠢᠨ ᠵᠠᠰᠠᠵᠤ ᠪᠠᠬᠢᠵᠢᠭᠦᠯᠬᠦ ᠠᠷᠭ᠎ᠠ ᠮᠠᠶ᠋ᠢᠭ ᠢ ︽ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠪᠠᠬᠢᠵᠢᠭᠦᠯᠬᠦ ᠮᠡᠷᠭᠡᠵᠢᠯ ᠤᠨ ᠵᠢᠯᠣᠭᠤᠳᠬᠤ ᠳᠦᠷᠢᠮ︾᠎ ᠤᠨ ᠶᠣᠰᠣᠭᠠᠷ ᠬᠡᠷᠡᠭᠵᠢᠭᠦᠯᠦᠨ᠎ᠡ᠃ ᠰᠡᠯᠪᠢᠨ ᠵᠠᠰᠠᠵᠤ ᠪᠠᠬᠢᠵᠢᠭᠦᠯᠬᠦ ᠳᠤ ᠡᠷᠬᠡᠪᠰᠢ ᠭᠡᠷ ᠪᠠᠶᠢᠰᠢᠩ ᠤᠨ ᠠᠶᠤᠯ ᠲᠠᠢ ᠬᠡᠰᠡᠭ ᠢ ᠪᠦᠬᠦᠨ ᠢ ᠪᠠᠬᠢᠯᠡᠬᠦ ᠪᠤᠶᠤ ᠰᠣᠯᠢᠵᠤ᠂ ᠨᠢᠭᠡ ᠯᠡ ᠤᠳᠠᠭ᠎ᠠ ᠳᠤ ᠥᠭᠡᠷᠡᠴᠢᠯᠡᠨ ᠰᠠᠶᠢᠵᠢᠷᠠᠭᠤᠯᠵᠤ᠂ ︽ᠭᠠᠳᠠᠷ ᠬᠡᠷᠡᠮ ᠳᠤ ᠲᠣᠭᠤᠰᠬ᠎ᠠ ᠨᠠᠭᠠᠬᠤ︾ ᠪᠠ ᠥᠩᠭᠡᠲᠦ ᠪᠣᠯᠣᠳ ᠪᠦᠷᠬᠦ ᠵᠡᠷᠭᠡ ᠥᠭᠡᠷᠡᠴᠢᠯᠡᠨ ᠵᠠᠰᠠᠬᠤ ᠠᠷᠭ᠎ᠠ ᠮᠠᠶ᠋ᠢᠭ ᠢᠶᠠᠷ ᠥᠭᠡᠷᠡᠴᠢᠯᠡᠨ ᠰᠠᠶᠢᠵᠢᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃    ᠰᠣᠯᠢᠬᠤ᠄ ᠣᠳᠣ ᠶᠢᠨ ᠰᠠᠭᠤᠵᠤ ᠪᠠᠶᠢᠭ᠎ᠠ ᠭᠡᠷ ᠪᠠᠶᠢᠰᠢᠩ ᠳᠤ ᠰᠡᠯᠪᠢᠨ ᠵᠠᠰᠠᠬᠤ ᠦᠨ᠎ᠡ ᠥᠷᠲᠡᠭ ᠦᠭᠡᠶ ᠪᠥᠭᠡᠳ ᠰᠢᠨ᠎ᠡ ᠪᠠᠷ ᠪᠠᠶᠢᠭᠤᠯᠬᠤ ᠴᠢᠳᠠᠪᠤᠷᠢ ᠦᠭᠡᠶ ᠲᠠᠷᠢᠶᠠᠴᠢᠨ ᠡᠷᠦᠬᠡ ᠲᠣᠰᠬᠤᠨ ᠤ ᠶᠠᠰᠤ ᠴᠢᠨᠠᠷ ᠢᠶᠠᠷ ᠨᠡᠯᠢᠶᠡᠳ ᠰᠠᠶᠢᠨ ᠲᠣᠭᠤᠰᠬ᠎ᠠ ᠮᠣᠳᠣᠨ ᠪᠦᠲᠦᠴᠡ ᠪᠤᠶᠤ ᠲᠣᠭᠤᠰᠬ᠎ᠠ ᠪᠧᠲ᠋ᠣᠨ ᠪᠦᠲᠦᠴᠡ ᠪᠠᠷ ᠰᠤᠯᠠ ᠪᠠᠶᠢᠬᠤ ᠭᠡᠷ ᠪᠠᠶᠢᠰᠢᠩ ᠢ ᠠᠰᠢᠭᠯᠠᠵᠤ᠂ ᠰᠣᠯᠢᠭᠰᠠᠨ ᠤ ᠳᠠᠷᠠᠭ᠎ᠠ ᠡᠷᠬᠡᠪᠰᠢ ᠤᠤᠯ ᠤᠨ ᠨᠤᠷᠠᠬᠤ ᠠᠶᠤᠯᠲᠠᠶ ᠭᠡᠷ ᠪᠠᠶᠢᠰᠢᠩ ᠢ ᠨᠤᠷᠠᠭᠠᠬᠤ ᠬᠡᠷᠡᠭᠲᠡᠶ᠃   ︵ᠲᠦᠷᠪᠡ︶ ᠦᠭᠡᠷᠡᠴᠢᠯᠡᠬᠦ ᠪᠠᠷᠢᠮᠵᠢᠶ᠎ᠠ    ᠪᠦᠲᠦᠭᠡᠨ ᠪᠠᠶᠢᠭᠤᠯᠬᠤ ᠪᠠᠷᠢᠮᠵᠢᠶ᠎ᠠ᠄    1. ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾᠎ ᠢ ᠰᠢᠨ᠎ᠡ ᠪᠠᠷ ᠪᠠᠶᠢᠭᠤᠯᠬᠤ ᠠᠷᠭ᠎ᠠ ᠮᠠᠶ᠋ᠢᠭ ᠢᠶᠠᠷ ᠥᠭᠡᠷᠡᠴᠢᠯᠡᠭᠰᠡᠨ ᠪᠠᠶᠢᠪᠠᠯ᠂ ᠨᠢᠭᠡ ᠬᠥᠮᠦᠨ ᠤ ᠡᠷᠦᠬᠡ ᠶᠢ 30 ᠲᠡᠭᠰᠢ ᠳᠥᠷᠪᠡᠯᠵᠢᠨ ᠮᠧᠲᠷ᠂ ᠬᠤᠶᠠᠷ ᠬᠥᠮᠦᠨ ᠤ ᠡᠷᠦᠬᠡ ᠶᠢ 40 ᠲᠡᠭᠰᠢ ᠳᠥᠷᠪᠡᠯᠵᠢᠨ  ᠮᠧᠲᠷ ᠪᠠᠶᠢᠭᠤᠯᠵᠤ᠂ ᠭᠤᠷᠪᠠᠨ ᠬᠥᠮᠦᠨ ᠤ ᠡᠷᠦᠬᠡ ᠶᠢ 60 ᠲᠡᠭᠰᠢ ᠳᠥᠷᠪᠡᠯᠵᠢᠨ  ᠮᠧᠲᠷ ᠪᠠᠶᠢᠭᠤᠯᠤᠭᠰᠠᠨ ᠣᠷᠣᠨ ᠰᠠᠭᠤᠴᠠ ᠪᠠᠶᠢᠭᠤᠯᠤᠨ᠎ᠠ᠃ ᠬᠥᠮᠦᠨ ᠪᠦᠷᠢ ᠶᠢᠨ ᠳᠤᠮᠳᠠᠴᠢ ᠪᠠᠷᠢᠯᠭ᠎ᠠ ᠶᠢᠨ ᠲᠠᠯᠠᠪᠠᠶ ᠶᠢ 18 ᠲᠡᠭᠰᠢ ᠳᠥᠷᠪᠡᠯᠵᠢᠨ ᠮᠧᠲᠷ ᠠᠴᠠ ᠳᠠᠪᠠᠭᠤᠯᠬᠤ ᠦᠭᠡᠶ᠂ 13 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠰᠡᠯᠪᠢᠨ ᠵᠠᠰᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠭᠡᠷᠡᠴᠢᠯᠡᠭᠰᠡᠨ ᠪᠠᠶᠢᠪᠠᠯ᠂ ᠨᠢᠭᠡ ᠬᠥᠮᠦᠨ ᠤ ᠡᠷᠦᠬᠡ 40 ᠲᠡᠭᠰᠢ ᠳᠥᠷᠪᠡᠯᠵᠢᠨ  ᠮᠧᠲᠷ᠂ ᠬᠤᠶᠠᠷ ᠬᠥᠮᠦᠨ ᠤ ᠡᠷᠦᠬᠡ 50 ᠲᠡᠭᠰᠢ ᠳᠥᠷᠪᠡᠯᠵᠢᠨ  ᠮᠧᠲᠷ ᠰᠡᠯᠪᠢᠨ ᠵᠠᠰᠠᠵᠤ ᠪᠣᠯᠤᠨ᠎ᠠ᠂ ᠭᠤᠷᠪᠠ ᠠᠴᠠ ᠳᠡᠭᠡᠭᠰᠢ ᠬᠥᠮᠦᠨ ᠨᠢ 60 ᠲᠡᠭᠰᠢ ᠳᠥᠷᠪᠡᠯᠵᠢᠨ  ᠮᠧᠲᠷ ᠣᠷᠴᠢᠮ ᠤᠨ ᠣᠷᠣᠨ ᠰᠠᠭᠤᠴᠠ ᠰᠡᠯᠪᠢᠨ ᠵᠠᠰᠠᠵᠤ ᠪᠣᠯᠤᠨ᠎ᠠ᠂ ᠵᠠᠷᠴᠢᠮ ᠳᠡᠭᠡᠷ᠎ᠡ ᠪᠠᠨ ᠨᠢᠭᠡ ᠠᠴᠠ ᠬᠤᠶᠠᠷ ᠲᠠᠰᠤᠯᠭ᠎ᠠ ᠭᠡᠷ ᠪᠠᠶᠢᠰᠢᠩ ᠰᠡᠯᠪᠢᠨ ᠵᠠᠰᠠᠵᠤ ᠪᠣᠯᠤᠨ᠎ᠠ᠃    2. ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾᠎ ᠤᠨ ᠰᠠᠨᠠᠭᠤᠯᠭ᠎ᠠ ᠳᠤ ᠨᠢᠭᠡ ᠬᠥᠮᠦᠨ ᠵᠢᠴᠢ ᠬᠤᠶᠠᠷ ᠬᠥᠮᠦᠨ ᠤ ᠡᠷᠦᠬᠡ ᠶᠢ 30 ᠲᠡᠭᠰᠢ ᠳᠥᠷᠪᠡᠯᠵᠢᠨ  ᠮᠧᠲᠷ ᠪᠠᠶᠢᠭᠤᠯᠵᠤ᠂ ᠭᠤᠷᠪᠠ ᠠᠴᠠ ᠳᠡᠭᠡᠭᠰᠢᠬᠢ ᠡᠷᠦᠬᠡ ᠳᠤ 40᠎ ᠠᠴᠠ 60 ᠲᠡᠭᠰᠢ ᠳᠥᠷᠪᠡᠯᠵᠢᠨ  ᠮᠧᠲᠷ ᠣᠷᠣᠨ ᠰᠠᠭᠤᠴᠠ ᠪᠠᠶᠢᠭᠤᠯᠬᠤ ᠪᠥᠭᠡᠳ 1 ᠬᠥᠮᠦᠨ ᠤ ᠡᠷᠦᠬᠡ ᠶᠢ 24 ᠲᠡᠭᠰᠢ ᠳᠥᠷᠪᠡᠯᠵᠢᠨ  ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ 2 ᠬᠥᠮᠦᠨ ᠤ ᠡᠷᠦᠬᠡ ᠶᠢ 30 ᠲᠡᠭᠰᠢ ᠳᠥᠷᠪᠡᠯᠵᠢᠨ  ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ 3 ᠬᠥᠮᠦᠨ ᠵᠢᠴᠢ 3 ᠬᠥᠮᠦᠨ ᠠᠴᠠ ᠳᠡᠭᠡᠭᠰᠢ ᠡᠷᠦᠬᠡ ᠶᠢᠨ ᠬᠥᠮᠦᠨ ᠪᠦᠷᠢ ᠳᠤ ᠳᠤᠮᠳᠠᠴᠢ ᠪᠠᠷ 13 ᠲᠡᠭᠰᠢ ᠳᠥᠷᠪᠡᠯᠵᠢᠨ  ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ 18 ᠲᠡᠭᠰᠢ ᠳᠥᠷᠪᠡᠯᠵᠢᠨ  ᠮᠧᠲᠷ‌ᠡᠴᠠ ᠥᠨᠳᠥᠷ ᠪᠠᠶᠢᠯᠭᠠᠵᠤ ᠪᠣᠯᠬᠤ ᠦᠭᠡᠶ ᠃ ᠰᠡᠯᠪᠢᠨ ᠵᠠᠰᠠᠵᠤ ᠪᠠᠬᠢᠵᠢᠭᠦᠯᠬᠦ ᠠᠷᠭ᠎ᠠ ᠮᠠᠶ᠋ᠢᠭ ᠢᠶᠠᠷ ᠥᠭᠡᠷᠡᠴᠢᠯᠡᠭᠰᠡᠨ ᠪᠣᠯ ᠥᠭᠡᠷᠡᠴᠢᠯᠡᠨ ᠰᠢᠨᠡᠳᠬᠡᠬᠦ ᠲᠠᠯᠠᠪᠠᠶ ᠶᠢ 40᠎ ᠠᠴᠠ 50 ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠬᠤ ᠬᠡᠷᠡᠭᠲᠡᠶ᠃    ᠲᠤᠰᠠᠯᠠᠮᠵᠢ ᠶᠢᠨ ᠪᠠᠷᠢᠮᠵᠢᠶ᠎ᠠ᠄    1. ︽ᠵᠢᠷᠭᠤᠭᠠᠨ ᠲᠥᠷᠥᠯ ᠤᠨ ᠭᠤᠣᠯᠳᠠᠯᠭ᠎ᠠ ᠲᠠᠢ ᠡᠲᠡᠭᠡᠳ︾ ① ᠰᠡᠯᠪᠢᠨ ᠵᠠᠰᠠᠬᠤ ᠲᠥᠷᠥ ᠶᠢᠨ ᠪᠣᠳᠣᠯᠭ᠎ᠠ᠄ 40 ᠲᠡᠭᠰᠢ ᠳᠥᠷᠪᠡᠯᠵᠢᠨ  ᠮᠧᠲᠷ ᠤᠨ ᠭᠡᠷ ᠪᠠᠶᠢᠰᠢᠩ ᠢ ᠰᠡᠯᠪᠢᠨ ᠵᠠᠰᠠᠪᠠᠯ ᠥᠪᠡᠷᠲᠡᠭᠡᠨ ᠴᠤᠭᠯᠠᠭᠤᠯᠤᠭᠰᠠᠨ ᠦᠭᠡᠢ᠂ 50 ᠲᠡᠭᠰᠢ ᠳᠥᠷᠪᠡᠯᠵᠢᠨ ᠮᠧᠲᠷ ᠤᠨ ᠥᠪᠡᠷᠲᠡᠭᠡᠨ ᠴᠤᠭᠯᠠᠭᠤᠯᠤᠭᠰᠠᠨ 2000 ᠲᠥᠭᠦᠷᠢᠭ᠂ 60 ᠲᠡᠭᠰᠢ ᠳᠥᠷᠪᠡᠯᠵᠢᠨ  ᠮᠧᠲᠷ‌‍ᠤᠨ ᠥᠪᠡᠷᠲᠡᠭᠡᠨ ᠴᠤᠭᠯᠠᠭᠤᠯᠤᠭᠰᠠᠨ 4000 ᠲᠥᠭᠦᠷᠢᠭ᠂ ᠵᠠᠷᠴᠢᠮ ᠳᠡᠭᠡᠷ᠎ᠡ ᠪᠠᠨ 60 ᠲᠡᠭᠰᠢ ᠳᠥᠷᠪᠡᠯᠵᠢᠨ  ᠮᠧᠲᠷ ᠠᠴᠠ ᠳᠡᠭᠡᠭᠰᠢᠬᠢ ᠪᠠᠷᠢᠯᠭ᠎ᠠ ᠶᠢ ᠰᠡᠯᠪᠢᠨ ᠵᠠᠰᠠᠭᠰᠠᠨ ᠦᠭᠡᠢ᠃ ᠱᠠᠯᠠ᠂ ᠡᠭᠦᠳᠡ ᠴᠣᠩᠬᠤ᠂ ᠳᠡᠭᠡᠪᠦᠷ ᠤᠨ ᠸᠠᠭᠠᠷ ᠪᠣᠯᠣᠨ ᠡᠯᠭᠦᠮᠡᠯ ᠳᠡᠭᠡᠪᠦᠷ ᠤᠨ ᠠᠯᠢ ᠨᠢᠭᠡ ᠨᠢ ᠰᠡᠯᠪᠢᠨ ᠵᠠᠰᠠᠬᠤ ᠴᠢᠬᠤᠯᠠ ᠦᠭᠡᠢ ᠪᠣᠯᠵᠠᠢ᠂ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ ᠨᠢ 2 000 ᠲᠥᠭᠦᠷᠢᠭ ᠪᠠᠭᠠᠰᠴᠤ᠂ 2 ᠪᠤᠶᠤ ᠲᠡᠭᠦᠨ ᠠᠴᠠ ᠳᠡᠭᠡᠭᠰᠢ ᠰᠡᠯᠪᠢᠨ ᠵᠠᠰᠠᠬᠤ ᠴᠢᠬᠤᠯᠠ ᠦᠭᠡᠢ ᠪᠣᠯ ᠥᠪᠡᠷ ᠢᠶᠠᠨ ᠪᠡᠯᠡᠳᠬᠡᠬᠦ ᠴᠢᠬᠤᠯᠠ ᠦᠭᠡᠢ ᠪᠠᠶᠢᠵᠠᠢ᠃ ② ᠰᠢᠨ᠎ᠡ ᠪᠠᠷ ᠪᠠᠶᠢᠭᠤᠯᠤᠭᠰᠠᠨ ᠲᠥᠷᠥ ᠶᠢᠨ ᠪᠣᠳᠣᠯᠭ᠎ᠠ᠃    2. ︽ᠵᠢᠷᠭᠤᠭᠠᠨ ᠲᠥᠷᠥᠯ ᠤᠨ ᠪᠤᠰᠤ ᠭᠤᠣᠯᠳᠠᠯᠭ᠎ᠠ ᠲᠠᠢ ᠡᠲᠡᠭᠡᠳ︾᠎ ᠤᠨ ᠭᠡᠷ ᠪᠠᠶᠢᠰᠢᠩ ᠨᠢ C᠂ D ᠳᠡᠰ ᠢᠶᠠᠷ ᠬᠢᠨᠠᠨ ᠲᠣᠭᠲᠠᠭᠠᠭᠳᠠᠭᠰᠠᠨ ᠡᠳ᠋ ᠤᠨ ᠵᠠᠰᠠᠭ ᠤᠨ ᠠᠰᠠᠷᠠᠨ ᠲᠡᠵᠢᠭᠡᠬᠦ ᠡᠷᠦᠬᠡ᠂ ᠨᠡᠶᠢᠭᠡᠮ ᠤᠨ ᠪᠠᠲᠤᠯᠠᠭᠠᠲᠤ ᠡᠷᠦᠬᠡ ᠵᠡᠷᠭᠡ ᠵᠣᠬᠢᠬᠤ ᠥᠭᠡᠷᠡᠴᠢᠯᠡᠬᠦ ᠴᠢᠳᠠᠪᠤᠷᠢ ᠲᠠᠢ ᠲᠠᠷᠢᠶᠠᠴᠢᠨ ᠡᠷᠦᠬᠡ ᠶᠢᠨ ᠪᠠᠷᠢᠮᠵᠢᠶ᠎ᠠ ᠪᠠᠷ ᠰᠢᠨ᠎ᠡ ᠪᠠᠷ ᠪᠠᠶᠢᠭᠤᠯᠤᠭᠰᠠᠨ ᠡᠷᠦᠬᠡ ᠪᠦᠷᠢ ᠳᠤ 10000 ᠲᠥᠭᠦᠷᠢᠭ ᠤᠨ ᠨᠥᠬᠦᠪᠦᠷᠢ ᠥᠭᠭᠦᠨ᠎ᠡ︔ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠠᠴᠠ ᠥᠪᠡᠷᠲᠡᠭᠡᠨ ᠴᠤᠭᠯᠠᠭᠤᠯᠤᠨ᠎ᠠ︔ ᠰᠡᠯᠪᠢᠨ ᠵᠠᠰᠠᠭᠰᠠᠨ ᠡᠷᠦᠬᠡ ᠨᠢᠭᠡᠪᠦᠷᠢ ᠳᠤ 5000 ᠲᠥᠭᠦᠷᠢᠭ ᠠᠴᠠ ᠬᠡᠲᠦᠷᠡᠭᠦᠯᠬᠦ ᠦᠭᠡᠢ᠂ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ ᠴᠤᠭᠯᠠᠭᠤᠯᠤᠨ᠎ᠠ︔ ᠰᠣᠯᠢᠵᠤ ᠥᠭᠭᠦᠭᠰᠡᠨ ᠡᠷᠦᠬᠡ ᠪᠦᠷᠢ ᠳᠤ ᠨᠥᠬᠦᠪᠦᠷᠢ 10000 ᠲᠥᠭᠦᠷᠢᠭ ᠠᠴᠠ ᠬᠡᠲᠦᠷᠡᠭᠦᠯᠬᠦ ᠦᠭᠡᠢ᠂ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ ᠴᠤᠭᠯᠠᠭᠤᠯᠵᠤ ᠰᠢᠢᠳᠪᠦᠷᠢᠯᠡᠨ᠎ᠡ᠃ ︽ᠵᠢᠷᠭᠤᠭᠠᠨ ᠲᠥᠷᠥᠯ ᠤᠨ ᠪᠤᠰᠤ ᠭᠤᠣᠯᠳᠠᠯᠭ᠎ᠠ ᠲᠠᠢ ᠡᠲᠡᠭᠡᠳ︾᠎ ᠤᠨ ᠳᠣᠲᠣᠷᠠᠬᠢ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠪᠠ ᠬᠦᠴᠦ ᠬᠥᠳᠡᠯᠮᠦᠷᠢ ᠣᠷᠣᠭᠤᠯᠬᠤ ᠴᠢᠳᠠᠪᠤᠷᠢ ᠪᠠᠷ ᠪᠠᠭᠤᠷᠠᠶ ᠡᠩ ᠤᠨ ᠲᠠᠷᠢᠶᠠᠴᠢᠨ ᠡᠷᠦᠬᠡ ᠳᠤ ᠨᠥᠬᠦᠪᠥᠷᠢ ᠥᠭᠬᠦ ᠪᠠᠷᠢᠮᠵᠢᠶ᠎ᠠ ᠨᠢ ᠰᠢᠨ᠎ᠡ ᠪᠠᠷ ᠪᠠᠶᠢᠭᠤᠯᠤᠭᠰᠠᠨ ᠡᠷᠦᠬᠡ ᠪᠦᠷᠢ ᠳᠤ 18732 ᠲᠥᠭᠦᠷᠢᠭ ᠤᠨ ᠨᠥᠬᠦᠪᠥᠷᠢ ᠥᠭᠴᠦ᠂ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ ᠴᠤᠭᠯᠠᠭᠤᠯᠤᠨ᠎ᠠ︔ ᠰᠡᠯᠪᠢᠨ ᠵᠠᠰᠠᠭᠰᠠᠨ ᠡᠷᠦᠬᠡ ᠪᠦᠷᠢ ᠳᠤ 10000 ᠲᠥᠭᠦᠷᠢᠭ ᠠᠴᠠ ᠬᠡᠲᠦᠷᠡᠭᠦᠯᠬᠦ ᠦᠭᠡᠢ᠂ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ ᠴᠤᠭᠯᠠᠭᠤᠯᠤᠨ᠎ᠠ︔ ᠰᠣᠯᠢᠵᠤ ᠥᠭᠭᠦᠭᠰᠡᠨ ᠡᠷᠦᠬᠡ ᠪᠦᠷᠢ ᠶᠢᠨ ᠨᠥᠬᠦᠪᠥᠷᠢ ᠶᠢ 18732 ᠲᠥᠭᠦᠷᠢᠭ ᠠᠴᠠ ᠳᠠᠪᠠᠭᠤᠯᠬᠤ ᠦᠭᠡᠢ᠂ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ ᠴᠤᠭᠯᠠᠭᠤᠯᠤᠨ᠎ᠠ᠃   ︵ᠲᠠᠪᠤ︶ ᠦᠭᠡᠷᠡᠴᠢᠯᠡᠬᠦ ᠪᠠᠷᠢᠯᠭ᠎ᠠ ᠶᠢᠨ ᠬᠠᠮᠢᠶᠠᠷᠤᠯᠲᠠ    1. ᠥᠭᠡᠷᠡᠴᠢᠯᠡᠬᠦ ᠠᠷᠭ᠎ᠠ ᠮᠠᠶ᠋ᠢᠭ ᠤᠨ ᠬᠠᠮᠢᠶᠠᠷᠤᠯᠲᠠ᠃ ᠬᠥᠳᠡᠭᠡ ᠲᠣᠰᠬᠤᠨ ᠤ ᠨᠤᠷᠠᠬᠤ ᠠᠶᠤᠯ ᠲᠠᠢ ᠭᠡᠷ ᠪᠠᠶᠢᠰᠢᠩ ᠭᠡᠳᠡᠭ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠬᠥᠳᠡᠭᠡ ᠲᠣᠰᠬᠤᠨ ᠤ ᠠᠶᠤᠯ ᠲᠠᠢ ᠭᠡᠷ ᠪᠠᠶᠢᠰᠢᠩ ᠢ ᠬᠢᠨᠠᠨ ᠲᠣᠭᠲᠠᠭᠠᠬᠤ ᠮᠡᠷᠭᠡᠵᠢᠯ ᠤᠨ ᠵᠢᠯᠣᠭᠤᠳᠬᠤ ᠳᠦᠷᠢᠮ ︵ᠲᠤᠷᠰᠢᠨ ᠬᠡᠷᠡᠭᠵᠢᠭᠦᠯᠬᠦ︶︾ ︵ᠪᠠᠶᠢᠭᠤᠯᠬᠤ ᠲᠣᠰᠬᠤᠨ ᠵᠠᠬᠢᠳᠠᠯ [ 2009] 69 ᠳ᠋ᠦᠭᠡᠷ ᠲᠣᠭᠠᠲᠤ︶᠎ ᠤᠨ ᠬᠢᠨᠠᠨ ᠲᠣᠭᠲᠠᠭᠠᠯᠲᠠ ᠨᠢ ᠪᠦᠬᠦᠯᠢ ᠠᠰᠠᠷ ᠤᠨ ᠠᠶᠤᠯ ᠲᠠᠢ ᠭᠡᠷ ᠪᠠᠶᠢᠰᠢᠩ ︵D ᠳᠡᠰ︶ ᠪᠤᠶᠤ ᠬᠡᠰᠡᠭ ᠲᠠᠯ᠎ᠠ ᠶᠢᠨ ᠠᠶᠤᠯ ᠲᠠᠢ ︵C ᠳᠡᠰ︶᠎ ᠳᠤ ᠬᠠᠷᠢᠶᠠᠯᠠᠭᠳᠠᠬᠤ ᠭᠡᠷ ᠪᠠᠶᠢᠰᠢᠩ ᠢ ᠵᠢᠭᠠᠵᠤ ᠪᠤᠶ᠃ ᠨᠤᠷᠠᠬᠤ ᠠᠶᠤᠯ ᠲᠠᠢ ᠭᠡᠷ ᠪᠠᠶᠢᠰᠢᠩ ︵D ᠳᠡᠰ︶᠎ ᠳᠤ ᠬᠠᠷᠢᠶᠠᠯᠠᠭᠳᠠᠪᠠᠯ ᠡᠷᠬᠡᠪᠰᠢ ᠤᠤᠯ ᠣᠷᠣᠨ ᠰᠠᠭᠤᠴᠠ ᠪᠠᠨ ᠨᠤᠷᠠᠭᠠᠬᠤ ᠶᠢᠨ ᠬᠠᠮᠲᠤ ᠰᠢᠨ᠎ᠡ ᠪᠠᠷ ᠪᠠᠶᠢᠭᠤᠯᠵᠤ᠂ ᠬᠡᠰᠡᠭ ᠲᠠᠯ᠎ᠠ ᠶᠢᠨ ᠠᠶᠤᠯ ᠭᠡᠮ ᠲᠠᠢ ︵C ᠳᠡᠰ︶᠎ ᠳᠤ ᠬᠠᠷᠢᠶᠠᠯᠠᠭᠳᠠᠪᠠᠯ ᠰᠡᠯᠪᠢᠨ ᠵᠠᠰᠠᠵᠤ ᠪᠠᠬᠢᠵᠢᠭᠦᠯᠬᠦ ᠬᠡᠷᠡᠭᠲᠡᠶ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠳᠤ ᠲᠠᠷᠢᠶᠠᠴᠢᠨ ᠡᠷᠦᠬᠡ ᠶᠢᠨ ᠥᠪᠡᠰᠦᠪᠡᠨ ᠪᠦᠲᠦᠭᠡᠨ ᠪᠠᠶᠢᠭᠤᠯᠬᠤ ᠪᠠᠷ ᠭᠤᠣᠯ ᠪᠣᠯᠭᠠᠵᠤ᠂ ᠨᠢᠭᠡᠳᠦᠯᠲᠡᠶ ᠪᠠᠶᠢᠭᠤᠯᠬᠤ ᠪᠠᠷ ᠬᠠᠪᠰᠤᠷᠤᠮᠵᠢ ᠪᠣᠯᠭᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠰᠢᠶᠠᠩ ᠪᠠᠯᠭᠠᠰᠤᠨ ᠤ ᠵᠠᠰᠠᠭ ᠤᠨ ᠣᠷᠳᠣᠨ ᠲᠠᠢ ᠬᠠᠮᠲᠤᠷᠠᠨ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠪᠠᠶᠢᠴᠠᠭᠠᠨ ᠭᠠᠷᠭᠠᠵᠤ ᠭᠠᠷᠭᠠᠭᠰᠠᠨ ᠨᠤᠷᠠᠬᠤ ᠠᠶᠤᠯᠲᠠᠶ ᠬᠡᠷ ᠪᠠᠶᠢᠰᠢᠩ ᠳᠤ ᠡᠷᠦᠬᠡ ᠳᠠᠷᠠᠭᠠᠯᠠᠨ ᠬᠢᠨᠠᠨ ᠲᠣᠭᠲᠠᠭᠠᠯᠲᠠ ᠬᠢᠵᠦ᠂ ᠥᠭᠡᠷᠡᠴᠢᠯᠡᠨ ᠰᠢᠨᠡᠳᠬᠡᠬᠦ ᠠᠷᠭ᠎ᠠ ᠮᠠᠶ᠋ᠢᠭ ᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃    2. ᠥᠭᠡᠷᠡᠴᠢᠯᠡᠬᠦ ᠶᠠᠪᠤᠴᠠ ᠶᠢᠨ ᠬᠠᠮᠢᠶᠠᠷᠤᠯᠲᠠ᠃ ︽ᠯᠢᠶᠠᠩᠴᠧᠩ ᠰᠢᠶᠠᠨ ᠤ 2024 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠬᠤᠪᠢᠶᠠᠷᠢ ᠲᠥᠷᠥᠯ ᠬᠤᠪᠢᠶᠠᠭᠰᠠᠨ ᠪᠠᠷᠢᠯᠭ᠎ᠠ ᠶᠢ ᠰᠢᠯᠭᠠᠨ ᠠᠪᠤᠭᠰᠠᠨ ᠲᠡᠮᠳᠡᠭᠯᠡᠯ ᠤᠨ ᠬᠦᠰᠦᠨᠦᠭᠲᠦ︾᠎ ᠶᠢᠨ ᠱᠠᠭᠠᠷᠳᠠᠯᠭ᠎ᠠ ᠶᠣᠰᠣᠭᠠᠷ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢ 6 ᠬᠤᠪᠢᠶᠠᠷᠢ ᠲᠥᠷᠥᠯ ᠬᠤᠪᠢᠶᠠᠭᠰᠠᠨ ᠪᠠᠷᠢᠯᠭ᠎ᠠ ᠪᠣᠯᠭᠠᠨ ᠨᠠᠷᠢᠨ ᠬᠤᠪᠢᠶᠠᠵᠤ᠂ ᠲᠣᠰ ᠲᠣᠰ ᠰᠠᠭᠤᠷᠢ ᠪᠣᠯᠬᠤ ᠪᠠ ᠴᠢᠯᠠᠭᠤ ᠦᠷᠦᠵᠦ ᠪᠠᠷᠢᠬᠤ᠂ ᠨᠢᠷᠤᠭᠤᠨ ᠨᠢᠷᠤᠭᠤ ᠶᠢᠨ ᠪᠣᠯᠣᠳ ᠰᠢᠷᠪᠥᠰᠥ ᠶᠢ ᠤᠶᠠᠬᠤ ᠪᠠ ᠬᠡᠪ ᠬᠠᠪᠲᠠᠰᠤ ᠤᠭᠰᠠᠷᠠᠬᠤ᠂ ᠨᠦᠬᠡᠨ ᠵᠠᠮ ᠢ ᠴᠢᠳᠬᠤᠬᠤ᠂ ᠬᠡᠷ ᠪᠠᠶᠢᠰᠢᠩ ᠤᠨ ᠭᠤᠣᠯ ᠢ ᠡᠭᠡᠭᠦᠯᠦᠨ ᠪᠥᠭᠯᠡᠬᠦ ᠵᠢᠴᠢ ᠳᠡᠪᠢᠰᠬᠡᠷ ᠳᠠᠪᠬᠤᠷᠭ᠎ᠠ ᠶᠢ ᠴᠢᠳᠬᠤᠬᠤ᠂ ᠭᠤᠤᠯ ᠴᠣᠭᠴᠠ ᠶᠢᠨ ᠪᠦᠲᠦᠴᠡ ︵ᠬᠡᠷᠡᠮ ᠢ ᠵᠡᠷᠭᠡᠯᠡᠬᠦ᠂ ᠨᠢᠷᠤᠭᠤ ᠥᠩᠭᠡᠷᠡᠬᠦ᠂ ᠬᠡᠷ ᠤᠨ ᠣᠷᠣᠶ︶᠂ ᠴᠢᠮᠡᠭᠯᠡᠨ ᠵᠠᠰᠠᠨ᠎ᠠ︔ ᠰᠡᠯᠪᠢᠨ ᠵᠠᠰᠠᠵᠤ ᠪᠠᠬᠢᠵᠢᠭᠦᠯᠬᠦ ᠪᠠᠷᠢᠯᠭ᠎ᠠ ᠶᠢ ᠬᠡᠷᠡᠮ ᠢ ᠪᠠᠬᠢᠵᠢᠭᠦᠯᠬᠦ ᠪᠠ ᠪᠤᠰᠤᠳ ᠳᠠᠯᠳᠠ ᠢᠨᠵᠧᠨᠧᠷᠢᠩ ᠭᠡᠵᠦ ᠬᠤᠶᠠᠷ ᠵᠦᠢᠯ ᠬᠤᠪᠢᠶᠠᠭᠰᠠᠨ ᠪᠠᠷᠢᠯᠭ᠎ᠠ ᠪᠣᠯᠤᠨ᠎ᠠ᠃ ᠪᠠᠷᠢᠯᠭ᠎ᠠ ᠪᠠᠷᠢᠬᠤ ᠠᠩᠭᠢ ᠪᠤᠶᠤ ᠥᠪᠡᠰᠦᠪᠡᠨ ᠪᠠᠶᠢᠭᠤᠯᠤᠭᠰᠠᠨ ᠡᠷᠦᠬᠡ ᠡᠷᠬᠡᠪᠰᠢ ︽ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠮᠡᠷᠭᠡᠵᠢᠯ ᠤᠨ ᠵᠢᠯᠣᠭᠤᠳᠬᠤ ᠳᠦᠷᠢᠮ︾᠎ ᠤᠨ ᠶᠣᠰᠣᠭᠠᠷ ᠪᠠᠷᠢᠯᠭ᠎ᠠ ᠪᠠᠷᠢᠵᠤ᠂ ᠳᠡᠭᠡᠷᠡᠬᠢ ᠲᠥᠷᠥᠯ ᠬᠤᠪᠢᠶᠠᠭᠰᠠᠨ ᠪᠠᠷᠢᠯᠭ᠎ᠠ ᠶᠢ ᠬᠢᠨᠠᠨ ᠬᠠᠮᠢᠶᠠᠷᠬᠤ ᠨᠢᠭᠡᠴᠡ ᠪᠠᠷ ᠭᠠᠷ ᠤᠨ ᠦᠰᠦᠭ ᠵᠢᠷᠤᠭᠤᠯᠵᠤ ᠰᠢᠯᠭᠠᠨ ᠠᠪᠤᠭᠰᠠᠨ ᠦᠭᠡᠢ ᠪᠣᠯ ᠳᠠᠷᠠᠭ᠎ᠠ ᠨᠢᠭᠡ ᠠᠵᠢᠯ ᠤᠨ ᠳᠠᠷᠠᠭᠠᠯᠠᠯ ᠢᠶᠠᠷ ᠪᠠᠷᠢᠯᠭ᠎ᠠ ᠪᠠᠷᠢᠵᠤ ᠪᠣᠯᠬᠤ ᠦᠭᠡᠢ᠃    3. ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠠᠮᠢᠶᠠᠷᠤᠯᠲᠠ᠃ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠰᠢᠶᠠᠩ ᠪᠠᠯᠭᠠᠰᠤ ᠭᠤᠶᠤᠴᠢᠯᠠᠯ ᠭᠠᠷᠭᠠᠵᠤ᠂ ᠰᠢᠶᠠᠨ ᠤ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ᠂ ᠰᠢᠨ᠎ᠡ ᠪᠠᠷ ᠪᠠᠷᠢᠭᠰᠠᠨ ᠬᠡᠷ ᠪᠠᠶᠢᠰᠢᠩ ᠨᠢ ︽ᠤᠯᠠᠭᠠᠨᠴᠠᠪ ᠤᠨ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠮᠡᠷᠭᠡᠵᠢᠯ ᠤᠨ ᠵᠢᠯᠣᠭᠤᠳᠬᠤ ᠲᠦᠷᠢᠮ︾᠎ ᠤᠨ ᠶᠣᠰᠣᠭᠠᠷ ᠪᠥᠲᠥᠭᠡᠨ ᠪᠠᠶᠢᠭᠤᠯᠤᠭᠰᠠᠨ ᠪᠠᠶᠢᠪᠠᠯ ᠴᠥᠮ ᠰᠢᠯᠭᠠᠨ ᠠᠪᠬᠤ ᠥᠬᠡᠶ᠂ ᠪᠠᠷᠢᠯᠭ᠎ᠠ ᠶᠢᠨ ᠭᠤᠤᠯ ᠴᠣᠭᠴᠠ ᠶᠢᠨ ᠬᠦᠨᠳᠦ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠬᠡᠷ ᠪᠠᠶᠢᠰᠢᠩ ᠢ ᠴᠥᠮ ᠰᠢᠯᠭᠠᠨ ᠠᠪᠬᠤ ᠥᠬᠡᠶ᠂ ᠰᠡᠯᠪᠢᠨ ᠵᠠᠰᠠᠵᠤ ᠪᠠᠬᠢᠵᠢᠭᠦᠯᠬᠦ ᠠᠷᠭ᠎ᠠ ᠮᠠᠶ᠋ᠢᠭ ᠢᠶᠠᠷ ᠳᠡᠮᠵᠢᠨ ᠥᠭᠡᠷᠡᠴᠢᠯᠡᠨ ᠰᠢᠨᠡᠳᠬᠡᠬᠦ ᠬᠡᠷ ᠪᠠᠶᠢᠰᠢᠩ ᠨᠢ ᠡᠷᠬᠡᠪᠰᠢ ︽ᠬᠥᠳᠡᠭᠡ ᠲᠣᠰᠬᠤᠨ ᠤ ᠬᠡᠷ ᠪᠠᠶᠢᠰᠢᠩ ᠢ ᠪᠠᠬᠢᠵᠢᠭᠦᠯᠦᠨ ᠥᠭᠡᠷᠡᠴᠢᠯᠡᠬᠦ ᠮᠡᠷᠭᠡᠵᠢᠯ ᠤᠨ ᠵᠢᠯᠣᠭᠤᠳᠬᠤ ᠲᠦᠷᠢᠮ︾᠎ ᠤᠨ ᠶᠣᠰᠣᠭᠠᠷ ᠪᠠᠷᠢᠯᠭ᠎ᠠ ᠪᠠᠷᠢᠬᠤ ᠬᠡᠷᠡᠭᠲᠡᠶ᠃ ᠰᠡᠯᠪᠢᠨ ᠵᠠᠰᠠᠵᠤ ᠪᠠᠬᠢᠵᠢᠭᠦᠯᠬᠦ ᠲᠥᠰᠦᠯ ᠳᠤ ᠬᠡᠷ ᠪᠠᠶᠢᠰᠢᠩ ᠤᠨ ᠪᠦᠲᠦᠴᠡ ᠪᠠ ᠵᠠᠰᠠᠵᠤ ᠴᠢᠮᠡᠭᠯᠡᠭᠰᠡᠨ ᠪᠠᠶᠢᠳᠠᠯ ᠢ ᠦᠨᠳᠦᠰᠦᠯᠡᠨ ᠰᠡᠯᠪᠢᠨ ᠵᠠᠰᠠᠬᠤ ᠠᠭᠤᠯᠭ᠎ᠠ ᠶᠢ ᠰᠣᠩᠭᠤᠵᠤ᠂ ᠰᠡᠯᠪᠢᠨ ᠵᠠᠰᠠᠵᠤ ᠪᠠᠬᠢᠵᠢᠭᠦᠯᠬᠦ ᠳᠤ ᠡᠷᠬᠡᠪᠰᠢ ᠬᠡᠷ ᠪᠠᠶᠢᠰᠢᠩ ᠤᠨ ᠠᠶᠤᠯᠲᠠᠶ ᠬᠡᠰᠡᠭ ᠢ ᠪᠦᠬᠦᠨ ᠢ ᠪᠠᠬᠢᠵᠢᠭᠦᠯᠬᠦ ᠪᠤᠶᠤ ᠰᠣᠯᠢᠬᠤ ᠬᠡᠷᠡᠭᠲᠡᠶ᠂ ᠨᠢᠭᠡ ᠯᠡ ᠤᠳᠠᠭ᠎ᠠ ᠳᠤ ᠥᠭᠡᠷᠡᠴᠢᠯᠡᠨ ᠰᠠᠶᠢᠵᠢᠷᠠᠭᠤᠯᠵᠤ᠂ ᠵᠥᠪᠬᠡᠨ ᠸᠠᠭᠠᠷ ᠰᠣᠯᠢᠬᠤ᠂ ᠴᠣᠩᠬᠤ ᠪᠠᠷ ᠰᠣᠯᠢᠬᠤ ᠪᠠ ᠬᠡᠷ ᠪᠠᠶᠢᠰᠢᠩ ᠢᠶᠠᠨ ᠵᠠᠰᠠᠵᠤ ᠴᠢᠮᠡᠭᠯᠡᠪᠡᠯ ᠨᠤᠷᠠᠬᠤ ᠠᠶᠤᠯᠲᠠᠶ ᠬᠡᠷ ᠪᠠᠶᠢᠰᠢᠩ ᠳᠤ ᠣᠷᠣᠭᠤᠯᠵᠤ ᠪᠣᠯᠬᠤ ᠥᠬᠡᠶ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠳᠤᠨᠢ ᠲᠤᠰᠠᠯᠠᠮᠵᠢ ᠶᠢᠨ ᠪᠡᠯᠡ ᠮᠥᠩᠭᠦ ᠣᠯᠭᠤᠵᠤ ᠪᠣᠯᠬᠤ ᠦᠭᠡᠶ᠃  1. ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾᠎ ᠲᠤ ᠴᠢᠭᠯᠡᠭᠦᠯᠦᠨ᠂ ᠡᠯ᠎ᠡ ᠰᠢᠶᠠᠩ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ︽ᠲᠠᠷᠢᠶᠠᠴᠢᠨ ᠡᠷᠦᠬᠡ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠲᠣᠰᠬᠤᠨ ᠤ ᠠᠷᠠᠳ ᠤᠨ ᠬᠤᠷᠠᠯ ᠪᠤᠶᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠠᠷᠠᠳᠴᠢᠯᠠᠯ ᠢᠶᠠᠷ ᠦᠨᠡᠯᠡᠬᠦ᠂ ᠰᠢᠶᠠᠩ ︵ᠪᠠᠯᠭᠠᠰᠤ︶᠎ ᠢ ᠬᠢᠨᠠᠨ ᠬᠠᠷᠭᠤᠭᠤᠯᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠬᠢᠨᠠᠨ ᠵᠥᠪᠰᠢᠶᠡᠷᠡᠬᠦ︾ ᠳᠥᠷᠪᠡᠨ ᠱᠠᠲᠤᠨ ᠤ ᠭᠤᠶᠤᠴᠢᠯᠠᠨ ᠬᠢᠨᠠᠨ ᠵᠥᠪᠰᠢᠶᠡᠷᠡᠭᠦᠯᠬᠦ ᠲᠠᠰ ᠳᠠᠷᠠᠭᠠᠯᠠᠯ ᠵᠢᠴᠢ ᠲᠣᠰᠬᠤᠨ ᠪᠠ ᠰᠢᠶᠠᠩ ᠪᠠᠯᠭᠠᠰᠤ ᠬᠤᠶᠠᠷ ᠱᠠᠲᠤᠨ ᠤ ᠢᠯᠡ ᠨᠡᠶᠢᠲᠡᠯᠡᠬᠦ ᠲᠦᠷᠢᠮ ᠢ ᠬᠡᠷᠡᠭᠵᠢᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠴᠢ ᠰᠢᠰᠲ᠋ᠧᠮ ᠤᠨ ᠲᠤᠭ᠎ᠠ ᠪᠠᠷᠢᠮᠲᠠ ᠶᠢ ᠴᠥᠮ ᠨᠢᠭᠡᠳᠦᠯᠲᠡᠶ ᠪᠠᠶᠢᠯᠭᠠᠬᠤ ᠬᠡᠷᠡᠭᠲᠡᠶ᠃ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠣᠷᠣᠨ ᠰᠠᠭᠤᠴᠠ ᠳᠤ ᠨᠢᠭᠡᠳᠦᠯᠲᠡᠶ ᠣᠷᠣᠨ ᠰᠠᠭᠤᠴᠠ ᠶᠢᠨ ᠬᠢᠨᠠᠨ ᠲᠣᠭᠲᠠᠭᠠᠯᠲᠠ ᠬᠢᠵᠦ᠂ ᠬᠢᠨᠠᠨ ᠲᠣᠭᠲᠠᠭᠠᠭᠰᠠᠨ ᠮᠡᠳᠡᠭᠦᠯᠦᠯᠲᠡ ᠭᠠᠷᠭᠠᠨ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠭᠰᠡᠨ ᠳᠠᠩᠰᠠ ᠡᠪᠬᠡᠮᠡᠯ ᠤᠨ ᠮᠠᠲ᠋ᠧᠷᠢᠶᠠᠯ ᠳᠤ ᠨᠢᠭᠡ ᠡᠷᠦᠬᠡ ᠳᠤ ᠨᠢᠭᠡ ᠳᠠᠩᠰᠠ ᠡᠪᠬᠡᠮᠡᠯ ᠢ ᠬᠡᠷᠡᠭᠵᠢᠭᠦᠯᠵᠦ᠂ ᠳᠠᠩᠰᠠ ᠡᠪᠬᠡᠮᠡᠯ ᠤᠨ ᠮᠠᠲ᠋ᠧᠷᠢᠶᠠᠯ ᠤᠨ ᠦᠨᠡᠨ ᠪᠣᠳᠠᠲᠠᠶ᠂ ᠪᠦᠷᠢᠨ ᠪᠦᠲᠦᠨ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    2. ︽ᠵᠢᠷᠭᠤᠭᠠᠨ ᠲᠥᠷᠥᠯ ᠤᠨ ᠭᠤᠤᠯᠳᠠᠯᠭᠠᠳᠤ ᠪᠤᠰᠤ ᠡᠲᠡᠭᠡᠳ︾᠎ ᠤᠨ ᠳᠣᠲᠣᠷᠠᠬᠢ ᠡᠳ᠋ ᠤᠨ ᠵᠠᠰᠠᠭ ᠤᠨ ᠠᠰᠠᠷᠠᠨ ᠲᠡᠵᠢᠭᠡᠬᠦ ᠡᠷᠦᠬᠡ ︵ᠬᠥᠳᠡᠭᠡ ᠲᠣᠰᠬᠤᠨ ᠤ ᠠᠵᠢᠯ ᠠᠴᠠ ᠪᠠᠨ ᠠᠮᠠᠷᠠᠭᠰᠠᠨ ᠪᠠᠭᠰᠢ᠂ ᠭᠡᠷ ᠪᠦᠯᠢ ᠪᠠᠨ ᠠᠪᠤᠭᠰᠠᠨ ᠲᠠᠷᠢᠶᠠᠴᠢᠨ ᠡᠷᠦᠬᠡ︶᠂ ᠨᠡᠶᠢᠭᠡᠮ ᠤᠨ ᠪᠠᠲᠤᠯᠠᠭᠠᠲᠤ ᠡᠷᠦᠬᠡ ︵ᠥᠪᠡᠰᠦᠪᠡᠨ ᠪᠠᠯᠠ ᠮᠥᠩᠭᠦ ᠴᠤᠭᠯᠠᠭᠤᠯᠬᠤ ᠪᠠᠷ ᠳᠠᠮᠵᠢᠭᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠪᠢᠨ ᠳᠣᠯᠣᠳᠤᠭᠠᠷ ᠠᠵᠢᠯᠴᠢᠨ᠂ ᠠᠷᠠᠳ ᠠᠴᠠ ᠡᠷᠭᠢᠯᠡᠭᠰᠡᠨ ᠪᠠᠭᠰᠢ ᠴᠤ ᠲᠠᠷᠢᠶᠠᠯᠠᠩ ᠠᠷᠠᠯᠵᠢᠶ᠎ᠠ ᠵᠡᠷᠭᠡ ᠣᠨᠴᠠᠭᠠᠶ ᠬᠠᠮᠲᠤᠯᠢᠭ ᠤᠨ ᠳᠠᠭᠠᠳᠬᠠᠯ ᠳᠤ ᠣᠷᠣᠯᠴᠠᠭᠰᠠᠨ ᠲᠠᠷᠢᠶᠠᠴᠢᠨ ᠡᠷᠦᠬᠡ ᠪᠠᠷ ᠯᠠᠪᠯᠠᠯᠲᠠ ᠪᠣᠯᠭᠠᠨ᠎ᠠ︶᠂ ᠠᠰᠲᠠᠭᠠᠨ ᠠᠮᠤᠷ ᠲᠦᠪᠰᠢᠨ ᠣᠷᠣᠨ ᠰᠠᠭᠤᠴᠠ ᠵᠡᠷᠭᠡ ᠲᠠᠷᠢᠶᠠᠴᠢᠨ ᠡᠷᠦᠬᠡ ᠳᠤ᠂ ᠡᠯ᠎ᠡ ᠰᠢᠶᠠᠩ ᠪᠠᠯᠭᠠᠰᠤ ᠴᠢᠭᠯᠡᠭᠦᠯᠬᠦ ᠴᠢᠨᠠᠷᠲᠠᠶ ᠪᠠᠷ ᠣᠨᠴᠠᠭᠠᠶ ᠲᠠᠩᠰᠠ ᠡᠪᠬᠡᠮᠡᠯ ᠢ ᠰᠠᠶᠢᠲᠤᠷ ᠬᠢᠵᠦ᠂ ᠬᠡᠷ ᠪᠠᠶᠢᠰᠢᠩ ᠢ ᠥᠭᠡᠷᠡᠴᠢᠯᠡᠬᠦ ᠳᠤᠷᠠᠲᠠᠶ ᠲᠠᠷᠢᠶᠠᠴᠢᠨ ᠡᠷᠦᠬᠡ ᠶᠢᠨ ᠲᠠᠩᠰᠠ ᠡᠪᠬᠡᠮᠡᠯ ᠤᠨ ᠪᠠᠷᠢᠮᠵᠢᠶ᠎ᠠ ᠳᠤ ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾᠎ ᠢᠶᠠᠷ ᠯᠠᠪᠯᠠᠯᠲᠠ ᠪᠣᠯᠭᠠᠵᠤ ᠂ ᠨᠢᠭᠡ ᠡᠷᠦᠬᠡ ᠳᠤ ᠨᠢᠭᠡ ᠲᠠᠩᠰᠠ ᠡᠪᠬᠡᠮᠡᠯ ᠪᠠᠶᠢᠭᠤᠯᠬᠤ ᠬᠡᠷᠡᠭᠲᠡᠶ︔ ᠭᠡᠷ ᠪᠠᠶᠢᠰᠢᠩ ᠢ ᠥᠭᠡᠷᠡᠴᠢᠯᠡᠬᠦ ᠳᠤᠷ᠎ᠠ ᠦᠭᠡᠢ ᠲᠠᠷᠢᠶᠠᠴᠢᠨ ᠡᠷᠦᠬᠡ ᠳᠤ ᠴᠢᠭᠯᠡᠭᠦᠯᠦᠨ᠂ ᠲᠠᠩᠰᠠ ᠡᠪᠬᠡᠮᠡᠯ ᠤᠨ ᠠᠭᠤᠯᠭ᠎ᠠ ᠳᠤ ᠡᠷᠬᠡᠪᠰᠢ ᠲᠣᠰ ᠬᠥᠮᠦᠨ ᠨᠢ ᠣᠷᠣᠨ ᠰᠠᠭᠤᠴᠠ ᠪᠠᠨ ᠥᠭᠡᠷᠡᠴᠢᠯᠡᠨ ᠰᠢᠨᠡᠳᠬᠡᠬᠦ ᠴᠢᠳᠠᠪᠤᠷᠢ ᠲᠠᠢ ᠮᠥᠷᠲᠡᠭᠡᠨ ᠥᠭᠡᠷᠡᠴᠢᠯᠡᠨ ᠰᠢᠨᠡᠳᠬᠡᠬᠦ ᠪᠠᠨ ᠵᠣᠭᠰᠣᠭᠠᠬᠤ ᠬᠡᠷᠡᠭᠲᠡᠶ︔ ᠠᠰᠲᠠᠭᠠᠨ ᠠᠮᠤᠷ ᠲᠦᠪᠰᠢᠨ ᠣᠷᠣᠨ ᠰᠠᠭᠤᠴᠠ ᠲᠠᠢ ᠲᠠᠷᠢᠶᠠᠴᠢᠨ ᠡᠷᠦᠬᠡ ᠳᠤ ᠴᠢᠭᠯᠡᠭᠦᠯᠦᠨ᠂ ᠲᠠᠩᠰᠠ ᠡᠪᠬᠡᠮᠡᠯ ᠤᠨ ᠠᠭᠤᠯᠭ᠎ᠠ ᠳᠤ ᠡᠷᠬᠡᠪᠰᠢ ᠲᠡᠭᠦᠨ ᠢ ᠪᠤᠰᠤᠳ ᠭᠠᠵᠠᠷ ᠣᠷᠣᠨ ᠳᠤ ᠠᠮᠤᠷ ᠲᠦᠪᠰᠢᠨ ᠣᠷᠣᠨ ᠰᠠᠭᠤᠴᠠ ᠲᠠᠢ ᠪᠣᠯᠭᠠᠬᠤ ᠬᠡᠷᠡᠭᠲᠡᠶ᠃    3. ︽ᠵᠢᠷᠭᠤᠭᠠᠨ ᠲᠥᠷᠥᠯ ᠤᠨ ᠭᠤᠤᠯᠳᠠᠯᠭᠠᠳᠤ ᠪᠤᠰᠤ ᠡᠲᠡᠭᠡᠳ  ︾᠎ ᠤᠨ ᠳᠣᠲᠣᠷᠠᠬᠢ ᠥᠪᠡᠰᠦᠪᠡᠨ ᠪᠠᠯᠠ ᠴᠤᠭᠯᠠᠭᠤᠯᠬᠤ ᠪᠠ ᠬᠥᠳᠡᠯᠮᠦᠷᠢ ᠬᠦᠴᠦ ᠪᠠᠷ ᠪᠠᠭᠤᠷᠠᠶ ᠪᠠᠶᠢᠭ᠎ᠠ ᠡᠩ ᠤᠨ ᠲᠠᠷᠢᠶᠠᠴᠢᠨ ᠡᠷᠦᠬᠡ ᠳᠤ ᠴᠢᠭᠯᠡᠭᠦᠯᠦᠨ᠂ ᠰᠢᠶᠠᠩ ᠪᠠᠯᠭᠠᠰᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠰᠢᠨ᠎ᠡ ᠪᠠᠷ ᠪᠠᠶᠢᠭᠤᠯᠤᠭᠰᠠᠨ᠂ ᠰᠡᠯᠪᠢᠨ ᠵᠠᠰᠠᠭᠰᠠᠨ ᠪᠤᠶᠤ ᠭᠡᠷ ᠪᠠᠶᠢᠰᠢᠩ ᠰᠣᠯᠢᠭᠰᠠᠨ ᠲᠠᠷᠢᠶᠠᠴᠢᠨ ᠡᠷᠦᠬᠡ ᠳᠤ ᠳᠠᠩᠰᠠ ᠡᠪᠬᠡᠮᠡᠯ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠬᠡᠷᠡᠭᠲᠡᠶ᠂ ᠪᠠᠰᠠ ᠨᠢᠭᠡ ᠡᠷᠦᠬᠡ ᠳᠤ ᠨᠢᠭᠡ ᠳᠠᠩᠰᠠ ᠡᠪᠬᠡᠮᠡᠯ ᠤᠨ ᠳᠦᠷᠢᠮ ᠢ ᠬᠡᠷᠡᠭᠵᠢᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠦᠭᠡᠢ ᠲᠠᠷᠢᠶᠠᠴᠢᠨ ᠡᠷᠦᠬᠡ ᠳᠤ ᠰᠠᠶᠢᠨ ᠳᠤᠷ᠎ᠠ ᠠᠴᠠ ᠪᠠᠨ ᠭᠡᠷᠡᠴᠢ ᠮᠠᠲ᠋ᠧᠷᠢᠶᠠᠯ ᠢ ᠰᠠᠶᠢᠲᠤᠷ ᠬᠢᠬᠦ ᠬᠡᠷᠡᠭᠲᠡᠶ᠃   ᠳᠥᠷᠪᠡ᠂ ᠪᠡᠶᠡᠯᠡᠭᠦᠯᠬᠦ ᠴᠠᠭ ᠬᠢᠵᠠᠭᠠᠷ    2024 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠡᠭᠦᠨ ᠳᠤ 10 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠴᠤ ᠰᠢᠯᠭᠠᠨ ᠠᠪᠴᠤ᠂ 12 ᠰᠠᠷ᠎ᠠ ᠶᠢᠨ ᠰᠡᠭᠦᠯᠴᠢ ᠠᠴᠠ ᠡᠮᠦᠨ᠎ᠡ ᠨᠡᠭᠦᠨ ᠣᠷᠣᠵᠤ ᠰᠠᠭᠤᠨ᠂ ᠲᠠᠩᠰᠠ ᠡᠪᠬᠡᠮᠡᠯ ᠪᠠᠶᠢᠭᠤᠯᠬᠤ ᠪᠠ ᠮᠡᠳᠡᠭᠡ ᠵᠠᠩᠭᠢ ᠣᠷᠣᠭᠤᠯᠬᠤ ᠠᠵᠢᠯ ᠢ ᠵᠡᠷᠭᠡ ᠳᠤᠨᠢ ᠪᠡᠶᠡᠯᠡᠭᠦᠯᠦᠨ᠎ᠡ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠡᠯ᠎ᠡ ᠰᠢᠶᠠᠩ ᠪᠠᠯᠭᠠᠰᠤ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠵᠤ᠂ ᠠᠵᠢᠯ ᠤᠨ ᠲᠥᠯᠥᠪᠯᠡᠭᠡ ᠶᠢ ᠵᠦᠶ ᠵᠣᠬᠢᠰᠲᠠᠶ ᠳᠣᠭᠢᠷᠠᠭᠤᠯᠤᠨ᠂ ᠢᠨᠵᠧᠨᠧᠷᠢᠩ ᠤᠨ ᠬᠡᠷᠡᠭᠵᠢᠭᠦᠯᠦᠯᠲᠡ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃    ︵ᠬᠤᠶᠠᠷ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ ᠠᠳᠡᠯ ᠢ ᠰᠡᠷᠡᠮᠵᠢᠯᠡᠭᠦᠯᠬᠦ ᠬᠥᠮᠦᠵᠢᠯ ᠢᠶᠠᠷ ᠳᠠᠮᠵᠢᠭᠤᠯᠤᠨ ᠰᠤᠷᠭᠠᠮᠵᠢ ᠠᠪᠬᠤ ᠶᠢᠨ ᠬᠠᠮᠲᠤ ᠵᠠᠭᠤᠴᠢᠯᠠᠭᠤᠷ ᠢ ᠠᠰᠢᠭᠯᠠᠨ ᠠᠵᠢᠯ ᠤᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠭᠦᠶ᠋ᠴᠡᠳ ᠳ᠋ᠦᠩᠨᠡᠨ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ ᠪᠠ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ︵ᠭᠤᠷᠪᠠ︶ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠨᠤᠭᠤᠳ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠲᠤᠰᠠᠯᠠᠮᠵᠢ ᠬᠦᠷᠲᠡᠬᠦ ᠡᠲᠡᠭᠡᠳ ᠤᠨ ᠦᠨᠳᠦᠰᠦᠨ ᠮᠡᠳᠡᠭᠡ ᠵᠠᠩᠭᠢ᠂ ᠬᠢᠨᠠᠨ ᠪᠠᠶᠢᠴᠠᠭᠠᠬᠤ ᠡᠯ᠎ᠡ ᠵᠠᠩᠭᠢᠯᠠᠭ᠎ᠠ ᠶᠢᠨ ᠦᠷ᠎ᠡ ᠳ᠋ᠦᠩ ᠪᠣᠯᠤᠨ ᠲᠤᠰᠠᠯᠠᠮᠵᠢ ᠶᠢᠨ ᠪᠡᠯᠡ ᠮᠥᠩᠭᠦ ᠶᠢᠨ ᠲᠤᠭ᠎ᠠ ᠶᠢ ᠲᠣᠰᠬᠤᠨ ᠤ ᠶᠠᠪᠤᠳᠠᠯ ᠢ ᠢᠯᠡ ᠪᠣᠯᠭᠠᠬᠤ ᠪᠤᠯᠤᠩ ᠳᠤ ᠨᠡᠶᠢᠲᠡᠯᠡᠬᠦ ᠬᠡᠷᠡᠭᠲᠡᠶ᠃ ᠰᠤᠷᠲᠠᠯ ᠤᠨ ᠵᠠᠰᠠᠯᠲᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠡᠯ᠎ᠡ ᠰᠢᠶᠠᠩ ᠪᠠᠯᠭᠠᠰᠤᠨ ᠳᠤ ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠭᠠᠷᠭᠠᠵᠤ᠂ ᠣᠯᠠᠨ ᠲᠦᠮᠡᠨ ᠳᠤ ᠳᠥᠭᠦᠮ ᠳᠥᠲᠡ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠪᠠ ᠠᠰᠠᠭᠤᠳᠠᠯ ᠢ ᠲᠤᠰᠬᠠᠬᠤ ᠠᠷᠭ᠎ᠠ ᠵᠠᠮ ᠬᠠᠩᠭᠠᠬᠤ ᠶᠢᠨ ᠬᠠᠮᠲᠤ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠨ ᠰᠢᠢᠳᠪᠤᠷᠢᠯᠡᠵᠦ᠂ ᠣᠯᠠᠨ ᠲᠦᠮᠡᠨ ᠤ ᠠᠰᠢᠭ ᠲᠤᠰᠠ ᠶᠢ ᠦᠯᠦ ᠬᠠᠶᠢᠬᠤᠷᠬᠤ ᠪᠠ ᠬᠤᠬᠢᠷᠠᠭᠤᠯᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2