ᠯᠢᠶᠠᠩᠴᠧᠩ ᠰᠢᠶᠠᠨ᠄ ᠵᠣᠬᠢᠶᠠᠮᠠᠯ ᠣᠶᠤᠨᠴᠢ ᠰᠢᠨ᠎ᠡ ᠶᠢ ᠡᠭᠦᠳᠦᠭᠴᠢ ᠶᠢᠨ ︽ᠰᠢᠨ᠎ᠡ ᠶᠠᠰᠤ ᠴᠢᠨᠠᠷ︾ ᠤᠨ ᠰᠢᠨ᠎ᠡ ᠶᠢ ᠡᠭᠦᠳᠬᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠲᠦᠭᠡᠮᠡᠯᠵᠢᠭᠦᠯᠪᠡ
ᠨᠡᠶᠢᠲᠡᠯᠡᠭᠰᠡᠨ ᠴᠠᠭ᠄
2024/8/12
   ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ ᠦᠢᠯᠡᠳᠦᠯᠭᠡ ᠶᠢᠨ ᠴᠢᠳᠠᠪᠤᠷᠢ ᠶᠢ ᠴᠢᠬᠤᠯᠠᠴᠢᠯᠠᠨ ᠬᠥᠮᠦᠵᠢᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠰᠢᠨ᠎ᠡ ᠶᠢ ᠡᠭᠦᠳᠦᠭᠴᠢ ᠶᠢᠨ ᠰᠤᠷᠭᠠᠨ ᠬᠥᠮᠦᠵᠢᠯ ᠤᠨ ᠬᠦᠷᠢᠶᠡᠨ ᠳᠤ ᠢᠳᠡᠪᠬᠢᠲᠡᠢ ᠬᠠᠶᠢᠨ ᠰᠦᠪᠡᠭᠴᠢᠯᠡᠵᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠬᠤᠯᠪᠣᠭᠳᠠᠯ ᠪᠦᠬᠦᠢ ᠵᠢᠭᠠᠨ ᠰᠤᠷᠭᠠᠯᠲᠠ ᠶᠢᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠲᠤᠬᠢᠷᠠᠭᠤᠯᠵᠤ᠂ ᠡᠯᠪᠡᠭ ᠪᠠᠶᠠᠯᠢᠭ ᠬᠢᠴᠢᠶᠡᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠰᠤᠷᠤᠭᠴᠢᠳ ᠲᠤ ᠨᠡᠩ ᠥᠷᠭᠡᠨ ᠠᠭᠤᠳᠠᠮ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠬᠠᠩᠭᠠᠵᠤ᠂ ᠰᠤᠷᠤᠭᠴᠢᠳ ᠤᠨ ᠰᠢᠨ᠎ᠡ ᠶᠢ ᠡᠭᠦᠳᠬᠦ ᠰᠡᠳᠬᠢᠬᠦᠢ ᠶᠢ ᠴᠢᠨᠠᠭᠰᠢᠳᠠ ᠬᠥᠭᠵᠢᠭᠡᠵᠦ᠂ ᠲᠡᠳᠡᠨ ᠤ ᠭᠠᠷ ᠬᠥᠳᠡᠯᠬᠦ ᠴᠢᠳᠠᠪᠤᠷᠢ ᠪᠣᠯᠤᠨ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠶᠢ ᠬᠥᠮᠦᠵᠢᠭᠦᠯᠵᠡᠢ᠃
      ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠵᠣᠬᠢᠶᠠᠮᠠᠯ ᠣᠶᠤᠨ ᠴᠢᠳᠠᠪᠤᠷᠢ ᠶᠢᠨ ᠬᠥᠳᠡᠯᠭᠡᠭᠡᠨ ᠤ ᠲᠥᠪ ᠲᠤ᠂ ᠬᠡᠦᠬᠡᠳ ᠤᠳ ᠤᠨ ᠪᠠᠭᠰᠢ ᠶᠢᠨ ᠵᠢᠯᠣᠭᠤᠳᠣᠯᠭ᠎ᠠ ᠳᠣᠤᠷ᠎ᠠ ︽ᠰᠢᠨ᠎ᠡ ᠴᠢᠨᠠᠷ︾ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢ ᠣᠯᠠᠨ ᠬᠢᠵᠦ᠂ ᠰᠡᠷᠡᠯ ᠳᠠᠮᠵᠢᠭᠤᠯᠤᠭᠴᠢ ᠶᠢᠨ ᠵᠠᠭᠪᠤᠷ ᠢ ᠠᠰᠢᠭᠯᠠᠨ ᠣᠷᠴᠢᠨ ᠲᠣᠭᠤᠷᠢᠨ ᠤ ᠮᠡᠳᠡᠷᠡᠮᠵᠢ ᠪᠠ ᠲᠤᠭ᠎ᠠ ᠪᠠᠷᠢᠮᠲᠠ ᠶᠢ ᠴᠤᠭᠯᠠᠭᠤᠯᠬᠤ᠂ ᠵᠢᠷᠤᠵᠤ ᠲᠥᠯᠥᠪᠯᠡᠭᠰᠡᠨ ᠪᠤᠳᠤᠬᠤ ᠠᠷᠭ᠎ᠠ ᠶᠢ ᠬᠡᠷᠡᠭᠯᠡᠨ ᠠᠦ᠋ᠲ᠋ᠣ᠋ ᠵᠢᠯᠣᠭᠤᠳᠬᠤ ᠪᠠ ᠵᠠᠮ ᠤᠨ ᠲᠥᠯᠥᠪᠵᠢᠭᠦᠯᠭᠡ ᠶᠢᠨ ︽ᠤᠶᠤᠨᠲᠤ ᠪᠠᠷᠠᠭᠠᠨ ᠤ ᠭᠦᠶ᠋ᠯᠭᠡᠭᠡᠨ︾ ᠢ ᠪᠡᠶᠡᠯᠡᠭᠦᠯᠵᠦ᠂ ᠣᠲᠣ ᠦᠶ᠎ᠡ ᠶᠢᠨ ᠡᠮᠴᠢᠯᠡᠭᠡ ᠪᠠᠷ ᠠᠬᠤᠶ ᠪᠠᠶᠢᠳᠠᠯ ᠪᠣᠯᠭᠠᠭᠰᠠᠨ᠂ ᠡᠮᠴᠢᠯᠡᠭᠡᠨ ᠤ ᠤᠶᠢᠯᠡᠴᠢᠯᠡᠭᠡᠨ ᠤ ᠲᠥᠷᠥᠯ ᠤᠨ ᠮᠠᠰᠢᠨ ᠬᠥᠮᠦᠨ ᠤ ︽ᠰᠢᠩ ᠾᠧ ᠡᠮᠴᠢᠯᠡᠭᠡᠨ ᠤ ᠠᠩᠭᠢ︾ ᠶᠢ ᠳᠠᠭᠤᠷᠢᠶᠠᠵᠤ᠂ ᠪᠠᠰᠠ ᠣᠯᠠᠨ ᠰᠢᠨᠵᠢᠯᠡᠭᠡᠨ ᠤ ᠰᠠᠯᠠᠭᠠᠨ ᠤ ᠮᠡᠳᠡᠯᠭᠡ ᠶᠢ ᠳᠠᠭᠤᠷᠢᠶᠠᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠭᠦᠰᠬᠡᠯ ᠤᠨ ᠶᠣᠰᠣᠯᠠᠯ ᠤᠨ ᠳᠣᠲᠣᠷᠠᠬᠢ ᠲᠥᠯᠥᠭᠡᠯᠡᠭᠴᠢᠳ ᠤᠨ ᠠᠩᠭᠢ ᠶᠢᠨ ᠲᠠᠯᠠᠪᠠᠶ ᠳᠤ ᠣᠷᠣᠬᠤ᠂ ᠱᠠᠩᠨᠠᠯ ᠣᠯᠭᠤᠬᠤ ᠶᠣᠰᠣᠯᠠᠯ᠂ ᠲᠤᠭ ᠲᠤᠰᠢᠶᠠᠬᠤ ᠪᠠ ᠭᠥᠯᠢᠶᠡᠨ ᠠᠪᠬᠤ ᠵᠡᠷᠭᠡ ᠰᠣᠩᠭᠤᠳᠠᠭ ᠲᠥᠷᠥᠯ ᠵᠦᠶ᠋ᠯ ᠤᠨ ︽ᠪᠡᠶ᠎ᠡ ᠶᠢᠨ ᠲᠠᠮᠢᠷ ᠤᠨ ᠴᠤᠭᠯᠠᠭᠠᠨ ᠤ ᠲᠡᠭᠦᠰᠬᠡᠯ ᠤᠨ ᠶᠣᠰᠣᠯᠠᠯ︾᠂ ᠰᠤᠷᠤᠭᠴᠢᠳ ᠭᠤᠷᠪᠠᠨ ᠬᠥᠮᠦᠨ ᠨᠢᠭᠡ ᠳᠤᠭᠤᠶᠢᠯᠠᠩ᠂ ᠲᠠᠪᠤᠨ ᠬᠥᠮᠦᠨ ᠨᠢᠭᠡ ᠳᠤᠭᠤᠶᠢᠯᠠᠩ ᠪᠠᠶᠢᠵᠤ᠂ ᠨᠢᠭᠡ ᠲᠠᠯ᠎ᠠ ᠪᠠᠷ ᠠᠵᠢᠭᠯᠠᠵᠤ᠂ ᠨᠢᠭᠡ ᠲᠠᠯ᠎ᠠ ᠪᠠᠷ ᠠᠵᠢᠭᠯᠠᠵᠤ᠂ ᠰᠡᠳᠬᠢᠯ ᠰᠠᠨᠠᠭ᠎ᠠ ᠪᠠᠨ ᠨᠢᠭᠡᠳᠬᠡᠨ ᠬᠠᠮᠲᠤᠷᠠᠯᠴᠠᠵᠤ᠂ ᠭᠠᠷ ᠬᠥᠳᠡᠯᠬᠦ ᠳᠤᠮᠳᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠠᠷ ᠪᠠᠭ᠋ᠠᠳᠤᠯ ᠢ ᠭᠥᠷᠳᠡᠵᠦ ᠪᠠᠶᠢᠨ᠎ᠠ᠃ ᠡᠭᠦᠨ ᠤ ᠬᠠᠮᠲᠤ᠂ ᠰᠤᠷᠤᠭᠴᠢᠳ ᠪᠠᠰᠠ ᠪᠠᠭᠰᠢ ᠶᠢᠨ ᠵᠢᠯᠣᠭᠤᠳᠣᠯᠭ᠎ᠠ ᠳᠣᠤᠷ᠎ᠠ 3D ᠳᠠᠷᠤᠮᠠᠯᠯᠠᠯᠲᠠ᠂ ᠫᠷᠤᠭ᠍ᠷᠠᠮ᠂ ᠵᠢᠯᠣᠭᠤᠴᠢ ᠥᠬᠡᠶ ᠨᠢᠰᠬᠡᠯ ᠤᠨ ᠨᠢᠰᠦᠯᠲᠡ ᠵᠡᠷᠭᠡ ᠶᠢ ᠰᠤᠷᠤᠯᠴᠠᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠪᠴᠢᠷᠠᠭᠰᠠᠨ ᠬᠢᠵᠠᠭᠠᠯᠠᠰᠢ ᠥᠬᠡᠶ ᠲᠠᠲᠠᠬᠤ ᠬᠦᠴᠦᠨ ᠢ ᠣᠶᠢᠯᠠᠭᠠᠪᠠ᠃
        ᠰᠤᠷᠤᠭᠴᠢᠳ ᠲᠤ ᠨᠠᠩ ᠥᠷᠭᠡᠨ ᠠᠭᠤᠳᠠᠮ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠬᠠᠩᠭᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠡᠯ᠎ᠡ ᠰᠤᠷᠭᠠᠭᠤᠯᠢ ︽ᠬᠤᠶᠠᠷ ᠢ ᠪᠠᠭᠠᠰᠬᠠᠬᠤ︾ ᠪᠠᠷ ᠠᠵᠠ ᠲᠣᠬᠢᠶᠠᠯ ᠪᠣᠯᠭᠠᠵᠤ᠂ ᠲᠡᠷᠢᠭᠦᠨ ᠤ ᠰᠢᠨ᠎ᠡ ᠶᠢ ᠡᠭᠦᠳᠦᠭᠴᠢ ᠶᠢᠨ ᠬᠢᠴᠢᠶᠡᠯ ᠤᠨ ᠭᠡᠷ ᠢ ᠪᠠᠶᠢᠭᠤᠯᠵᠤ᠂ ᠰᠢᠨ᠎ᠡ ᠶᠢ ᠡᠭᠦᠳᠦᠭᠴᠢ ᠶᠢᠨ ᠰᠤᠷᠭᠠᠨ ᠬᠥᠮᠦᠵᠢᠯ ᠢ ᠲᠤᠰᠬᠠᠶ ᠬᠢᠴᠢᠶᠡᠯ ᠤᠨ ᠲᠣᠬᠢᠷᠠᠭᠤᠯᠤᠯᠲᠠ ᠬᠢᠵᠦ᠂ ᠲᠡᠷᠢᠭᠦᠨ ᠤ ᠵᠢᠯᠣᠭᠤᠴᠢ ᠥᠬᠡᠶ ᠨᠢᠰᠬᠡᠯ᠂ ᠮᠠᠰᠢᠨ ᠬᠥᠮᠦᠨ ᠪᠠ 3D ᠳᠠᠷᠤᠮᠠᠯᠯᠠᠬᠤ ᠮᠠᠰᠢᠨ ᠵᠡᠷᠭᠡ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠳᠣᠭᠢᠷᠠᠭᠤᠯᠤᠭᠰᠠᠨ ᠪᠥᠭᠡᠳ ᠬᠢᠴᠢᠶᠡᠯ ᠤᠨ ᠡᠬᠢ ᠪᠠᠶᠠᠯᠢᠭ ᠪᠠ ᠵᠢᠭᠠᠨ ᠰᠤᠷᠭᠠᠯᠲᠠ ᠶᠢᠨ ᠡᠯᠪᠡᠭ ᠪᠠᠶᠠᠯᠢᠭ ᠵᠠᠭᠪᠤᠷ ᠢ ᠣᠷᠣᠭᠤᠯᠤᠨ ᠠᠪᠴᠢᠷᠠᠵᠤ᠂ ᠰᠤᠷᠭᠠᠭᠤᠯᠢ ᠶᠢᠨ ᠵᠣᠬᠢᠶᠠᠮᠠᠯ ᠣᠶᠤᠨ ᠴᠢᠳᠠᠪᠤᠷᠢ ᠵᠢᠴᠢ ᠰᠢᠨ᠎ᠡ ᠶᠢ ᠡᠭᠦᠳᠦᠭᠴᠢ ᠶᠢᠨ ᠰᠤᠷᠭᠠᠨ ᠬᠥᠮᠦᠵᠢᠯ ᠵᠡᠷᠭᠡ ᠰᠢᠨ᠎ᠡ ᠶᠢ ᠡᠭᠦᠳᠬᠦ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃
   ᠡᠨᠡ ᠵᠢᠯ ᠠᠴᠠ ᠨᠠᠰᠢ᠂ ᠮᠠᠨ ᠤ ᠰᠢᠶᠠᠨ ᠤ ᠰᠣᠩᠭᠤᠨ ᠲᠣᠮᠢᠯᠠᠭᠰᠠᠨ ᠵᠣᠬᠢᠶᠠᠮᠠᠯ ᠣᠶᠤᠨᠴᠢ ᠰᠢᠨ᠎ᠡ ᠶᠢ ᠡᠭᠦᠳᠦᠭᠴᠢ ᠶᠢᠨ ᠪᠦᠯᠬᠦᠮ ᠡᠯ᠎ᠡ ᠱᠠᠲᠤᠨ ᠤ ᠡᠯ᠎ᠡ ᠲᠥᠷᠥᠯ ᠤᠨ ᠤᠷᠤᠯᠳᠤᠭᠠᠨ ᠳᠤ ᠣᠯᠠᠨ ᠱᠠᠩᠨᠠᠯ ᠬᠦᠷᠲᠡᠪᠡ᠃ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠤᠷᠤᠯᠳᠤᠭᠠᠨ ᠤ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ ᠮᠠᠨ ᠤ ᠰᠢᠶᠠᠨ ᠤ ᠲᠣᠮᠢᠯᠠᠭᠰᠠᠨ ᠬᠤᠶᠠᠷ ᠠᠩᠭᠢ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ 3 ᠱᠠᠩᠨᠠᠯ ᠭᠥᠷᠳᠡᠭᠰᠡᠨ ᠰᠠᠶᠢᠨ ᠬᠢᠷᠢ ᠪᠦᠲᠦᠮᠵᠢ ᠤᠯᠪᠠ᠃ ᠨᠠᠢᠮᠠᠳᠤᠭᠠᠷ ᠬᠤᠭᠤᠴᠠᠭᠠᠨ ᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠵᠢᠯᠣᠭᠤᠴᠢ ᠦᠭᠡᠢ ᠨᠢᠰᠬᠡᠯ ᠤᠨ ᠤᠷᠤᠯᠳᠤᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠤᠨ ᠤᠷᠤᠯᠳᠤᠭᠠᠨ ᠤ ᠲᠣᠭᠤᠷᠢᠭ ᠤᠨ ᠰᠢᠯᠭᠠᠷᠠᠭᠤᠯᠬᠤ ᠤᠷᠤᠯᠳᠤᠭᠠᠨ ᠳᠤ ᠮᠠᠨ ᠤ ᠰᠢᠶᠠᠨ ᠤ 25 ᠰᠤᠷᠤᠭᠴᠢ ᠤᠷᠤᠯᠳᠤᠭᠠᠨ ᠳᠤ ᠣᠷᠣᠯᠴᠠᠵᠤ᠂ ᠨᠢᠭᠡᠳᠦᠭᠡᠷ ᠳᠡᠰ ᠤᠨ 5 ᠱᠠᠩᠨᠠᠯ᠂ ᠬᠤᠶᠠᠳᠤᠭᠠᠷ ᠳᠡᠰ ᠤᠨ 6 ᠱᠠᠩᠨᠠᠯ᠂ 9 ᠭᠤᠷᠪᠠᠳᠤᠭᠠᠷ ᠳᠡᠰ ᠤᠨ ᠱᠠᠩᠨᠠᠯ ᠭᠥᠷᠳᠡᠭᠰᠡᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠳᠤ ᠮᠠᠨ ᠤ ᠰᠢᠶᠠᠨ ᠤ 2 ᠬᠠᠮᠲᠤ ᠰᠤᠷᠤᠭᠴᠢ ᠠᠮᠵᠢᠯᠲᠠ ᠲᠠᠢ ᠪᠠᠷ ᠲᠠᠰ ᠳᠡᠪᠰᠢᠵᠦ᠂ ᠡᠴᠦᠰ ᠲᠡᠭᠡᠨ ᠪᠥᠬᠦ ᠤᠯᠤᠰ ᠤᠨ ᠵᠢᠯᠣᠭᠤᠴᠢ ᠦᠭᠡᠢ ᠨᠢᠰᠬᠡᠯ ᠤᠨ ᠤᠷᠤᠯᠳᠤᠭᠠᠨ ᠳᠤ ᠣᠷᠣᠯᠴᠠᠵᠤ᠂ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠪᠥᠬᠦ ᠬᠤᠲᠠ ᠶᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠣᠬᠢᠶᠠᠮᠠᠯ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠦᠢᠯᠡᠳᠦᠯᠭᠡ ᠶᠢᠨ ᠠᠵᠢᠯᠯᠠᠭ᠎ᠠ ᠳᠤ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠵᠦ᠂ ᠰᠣᠩᠭᠤᠨ ᠲᠣᠮᠢᠯᠠᠭᠰᠠᠨ 25 ᠪᠠᠭᠰᠢ ᠰᠣᠷᠣᠭᠴᠢ 8 ᠨᠢᠭᠡᠳᠦᠭᠡᠷ ᠳᠡᠰ ᠤᠨ ᠱᠠᠩᠨᠠᠯ᠂ 7 ᠬᠤᠶᠠᠳᠤᠭᠠᠷ ᠳᠡᠰ ᠤᠨ ᠱᠠᠩᠨᠠᠯ᠂ 6 ᠭᠤᠷᠪᠠᠳᠤᠭᠠᠷ ᠳᠡᠰ ᠤᠨ ᠱᠠᠩᠨᠠᠯ᠂ ᠰᠣᠩᠭᠤᠨ ᠬᠦᠷᠭᠡᠭᠰᠡᠨ 20 ᠰᠢᠨ᠎ᠡ ᠶᠢ ᠡᠭᠦᠳᠬᠦ ᠦᠢᠯᠡᠳᠦᠯᠭᠡ ᠶᠢᠨ ᠪᠦᠲᠦᠭᠡᠯ ᠨᠢ 2 ᠨᠢᠭᠡᠳᠦᠭᠡᠷ ᠳᠡᠰ ᠤᠨ ᠱᠠᠩᠨᠠᠯ᠂ 4 ᠬᠤᠶᠠᠳᠤᠭᠠᠷ ᠳᠡᠰ ᠤᠨ ᠱᠠᠩᠨᠠᠯ᠂ 7 ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃
      ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠳᠥᠷᠪᠡᠳᠦᠭᠡᠷ ᠠᠩᠭᠢ ᠶᠢᠨ ᠰᠤᠷᠤᠭᠴᠢ ᠸᠠᠩ ᠰᠢᠨ ᠢ᠄ ︽ᠪᠢ ᠡᠩ ᠤᠨ ᠦᠶ᠎ᠡ ᠳᠤ ᠥᠪᠡᠷ ᠢᠶᠠᠨ ᠭᠠᠷ ᠤᠷᠠᠯᠠᠯ ᠬᠢᠬᠦ ᠳᠤᠷᠠᠲᠠᠶ᠂ ᠪᠠᠭ᠎ᠠ ᠡᠭᠦᠳᠦᠯᠲᠡ ᠬᠢᠬᠦ ᠳᠤᠷᠠᠲᠠᠶ᠂ ᠳᠥᠷᠪᠡᠳᠦᠭᠡᠷ ᠣᠨ ᠠᠴᠠ ᠡᠬᠢᠯᠡᠨ ᠬᠢᠴᠢᠶᠡᠯ ᠤᠨ ᠭᠠᠳᠠᠨᠠᠬᠢ ᠬᠥᠳᠡᠯᠭᠡᠭᠡᠨ ᠢ ᠠᠰᠢᠭᠯᠠᠨ ᠰᠤᠷᠭᠠᠭᠤᠯᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠵᠣᠬᠢᠶᠠᠨ ᠪᠦᠲᠦᠭᠡᠯᠭᠡ ᠶᠢ ᠰᠤᠷᠤᠯᠴᠠᠪᠠ᠃ ᠪᠢ ᠪᠥᠬᠦ ᠬᠤᠲᠠ ᠶᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠣᠬᠢᠶᠠᠮᠠᠯ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠭᠡᠨ ᠤ ᠦᠢᠯᠡᠳᠦᠯᠭᠡ ᠶᠢᠨ ᠠᠵᠢᠯᠯᠠᠭ᠎ᠠ ᠶᠢᠨ ᠣᠶᠤᠨᠴᠢ ᠴᠠᠭ ᠦᠶ᠎ᠡ ᠶᠢᠨ ᠲᠥᠷᠥᠯ ᠵᠦᠢᠯ ᠤᠨ ᠬᠤᠶᠠᠷ ᠬᠥᠮᠦᠨ ᠤ ᠳᠤᠭᠤᠶᠢᠯᠠᠩ ᠳᠤ᠂ ᠳ᠋ᠤᠭᠠᠷᠯᠠᠯ ᠲᠠᠢ ᠪᠣᠯᠪᠠ᠃                                  ᠨᠠᠶᠢᠷᠠᠭᠤᠯᠤᠭᠴᠢ᠄   ᠶᠠᠩ  ᠿᠦᠢ ᠵᠧᠨ                                  ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2