ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠮᠠᠨ ᠤ ᠬᠤᠲᠠ ᠶᠢᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠠᠵᠢᠯ ᠣᠯᠤᠭᠠᠳᠤᠶ | ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠪᠠ ᠨᠡᠶᠢᠭᠡᠮ ᠤᠨ ᠪᠠᠲᠤᠯᠠᠭ᠎ᠠ ᠶᠢᠨ | ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠱᠤᠭᠤᠮ ᠢ ᠪᠠᠲᠤ ᠡᠵᠡᠮᠳᠡᠵᠦ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽︿ᠥᠭᠡᠷᠡᠴᠢᠯᠡᠯᠲᠡ ᠶᠢᠨ ᠬᠤᠭᠤᠴᠠᠭᠠᠨ ᠳᠤ | ᠠᠯᠪᠠᠨ ᠺᠠᠳ᠋ᠷ ᠢ ᠪᠢᠴᠢᠭ ᠤᠨ ᠲᠤᠰᠢᠶᠠᠯᠲᠠᠨ ᠪᠣᠯᠭᠠᠨ ᠬᠤᠪᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇2017﹈ 65 ᠳ᠋ᠤᠭᠠᠷ ᠲᠣᠭᠠᠲᠤ︶᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠡᠷᠭᠡ 5 | ᠰᠠᠯᠠᠭ᠎ᠠ ᠮᠥᠴᠢᠷ ᠤᠨ ︽ᠴᠡᠷᠢᠭ ᠤᠨ ᠬᠥᠮᠦᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ | ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠴᠡᠷᠢᠭ ᠬᠥᠮᠦᠨ ﹇ | 2020﹈ 54 ᠳ᠋ᠦᠭᠡᠷ ᠰᠠᠯᠠᠭ᠎ᠠ ᠮᠥᠴᠢᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠡᠷᠢᠭ ᠤᠨ ᠬᠥᠮᠦᠨ ᠴᠡᠷᠢᠭ ᠢ ᠳᠠᠭᠠᠭᠰᠠᠨ ᠬᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠴᠡᠷᠢᠭ ﹇2020﹈ 200 ᠳ᠋ᠤᠭᠠᠷ ᠲᠣᠭᠠᠲᠤ︶ | ᠵᠡᠷᠭᠡ ᠲᠣᠭᠲᠠᠭᠠᠯ ᠢ ᠦᠨᠳᠦᠰᠦᠯᠡᠨ᠂ 2023 ᠣᠨ ᠤ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ | ᠵᠥᠪᠯᠡᠬᠦ ᠬᠤᠷᠠᠯ ᠤᠨ ᠲᠣᠪᠴᠢ ᠲᠡᠮᠳᠡᠭ︶ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ | ᠨᠠᠷᠢᠨ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠬᠡᠷᠡᠭᠵᠢᠭᠦᠯᠬᠦ ᠨᠠᠷᠢᠨ ᠳᠦᠷᠢᠮ ᠳᠤ ᠬᠡᠯᠡᠵᠦ ᠪᠠᠶᠢᠭ᠎ᠠ ᠤᠯᠠᠭᠠᠨᠴᠠᠪ ᠬᠤᠲᠠ ᠶᠢᠨ | ᠬᠤᠲᠠ ᠳᠤ ᠰᠠᠭᠤᠭ᠎ᠠ ᠴᠡᠷᠢᠭ ᠠᠩᠭᠢ ᠠᠵᠢᠯ ᠣᠯᠤᠭᠠᠳᠤᠶ ᠴᠡᠷᠢᠭ ᠤᠨ ᠭᠡᠷ ᠪᠦᠯᠢ ᠶᠢᠨ ᠬᠢᠨ ᠤ ᠠᠮᠢᠳᠤᠷᠠᠯ ᠤᠨ | ᠨᠥᠬᠦᠪᠥᠷᠢ ᠪᠡᠯᠡ ᠮᠥᠩᠭᠦ ᠭᠡᠳᠡᠭ ᠨᠢ ᠬᠤᠲᠠ ᠶᠢᠨ ᠡᠳ᠋ ᠤᠨ ᠵᠠᠰᠠᠭ ᠠᠴᠠ ᠤᠯᠠᠭᠠᠨᠴᠠᠪ ᠬᠤᠲᠠ ᠶᠢᠨ ᠬᠤᠲᠠ ᠳᠤ | ᠰᠠᠭᠤᠭ᠎ᠠ ᠬᠤᠷᠢᠶᠠᠨ ᠤ ᠲᠡᠰ ᠠᠴᠠ ᠳᠡᠭᠡᠭᠰᠢᠬᠢ ᠪᠤᠶᠤ ᠲᠤᠰ ᠱᠠᠲᠤᠨ ᠤ ᠡᠳ᠋ ᠤᠨ ᠵᠠᠰᠠᠭ ᠠᠴᠠ ᠴᠡᠷᠢᠭ ᠠᠩᠭᠢ ᠶᠢᠨ | ᠨᠡᠷ᠎ᠡ ᠳᠤ ᠪᠠᠶᠢᠭ᠎ᠠ ᠠᠯᠪᠠᠨ ᠴᠡᠷᠢᠭ ︵ᠥᠭᠡᠷᠡᠴᠢᠯᠡᠯᠲᠡ ᠶᠢᠨ ᠬᠤᠭᠤᠴᠠᠭᠠᠨ ᠳᠤ ᠠᠯᠪᠠᠨ ᠳᠤ ᠪᠠᠶᠢᠭ᠎ᠠ ᠺᠠᠳ᠋ᠷ ᠤᠨ | ᠪᠢᠴᠢᠭ ᠤᠨ ᠠᠵᠢᠯᠲᠠᠨ ᠪᠠᠭᠲᠠᠨ᠎ᠠ︶ ᠤᠨ ᠭᠡᠷ ᠪᠦᠯᠢ ᠶᠢᠨ ᠬᠢᠨ ᠤ ᠴᠡᠷᠢᠭ ᠢ ᠳᠠᠭᠠᠵᠤ ᠠᠵᠢᠯ ᠣᠯᠣᠭᠠᠳᠤᠢ | ᠬᠤᠭᠤᠴᠠᠭᠠᠨ ᠳᠠᠬᠢ ᠠᠮᠢᠳᠤᠷᠠᠯ ᠤᠨ ᠨᠥᠬᠦᠪᠥᠷᠢ ᠪᠡᠯᠡ ᠮᠥᠩᠭᠦ ᠶᠢ ᠵᠢᠭᠠᠵᠤ ᠪᠠᠶᠢᠨ᠎ᠠ᠃ | ᠭᠤᠷᠪᠠᠳᠤᠭᠠᠷ ᠵᠦᠢᠯ ᠠᠵᠢᠯ ᠣᠯᠤᠭᠠᠳᠤᠶ ᠬᠤᠭᠤᠴᠠᠭᠠᠨ ᠳᠤ ᠴᠡᠷᠢᠭ ᠤᠨ ᠭᠡᠷ ᠪᠦᠯᠢ ᠶᠢᠨ ᠬᠢᠨ ᠤ | ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠨᠢ ᠬᠥᠮᠦᠨ ᠪᠦᠷᠢ ᠳᠤ ᠰᠠᠷ᠎ᠠ ᠪᠦᠷᠢ 1500 ᠲᠥᠭᠦᠷᠢᠭ ᠪᠣᠯᠤᠨ᠎ᠠ᠃ | ᠬᠤᠶᠠᠳᠤᠭᠠᠷ ᠪᠦᠯᠦᠭ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠡᠭᠦᠷᠭᠡ ᠬᠠᠷᠢᠭᠤᠴᠠᠯᠭ᠎ᠠ | ᠳᠥᠷᠪᠡᠳᠦᠭᠡᠷ ᠵᠦᠢᠯ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠲᠠᠢ | ᠬᠠᠮᠲᠤᠷᠠᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠤᠨ ᠭᠡᠷ ᠪᠦᠯᠢ ᠶᠢᠨ ᠬᠢᠨ ᠳᠤ ᠠᠵᠢᠯ ᠣᠯᠤᠭᠠᠳᠤᠶ | ᠠᠮᠢᠳᠤᠷᠠᠯ ᠤᠨ ᠨᠥᠬᠦᠪᠥᠷᠢ ᠮᠥᠩᠭᠦ ᠭᠤᠶᠤᠴᠢᠯᠠᠨ ᠠᠪᠬᠤ ᠬᠢᠷᠢ ᠬᠡᠮ ᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ | ᠠᠵᠢᠯ ᠣᠯᠤᠭᠠᠳᠤᠶ ᠴᠡᠷᠢᠭ ᠤᠨ ᠭᠡᠷ ᠪᠦᠯᠢ ᠶᠢᠨ ᠠᠮᠢᠳᠤᠷᠠᠯ ᠤᠨ ᠨᠥᠬᠦᠪᠥᠷᠢ ᠮᠥᠩᠭᠦ ᠶᠢᠨ ᠣᠨ ᠤ ᠲᠥᠰᠦᠪ ᠢᠶᠠᠨ | ᠨᠠᠶᠢᠷᠠᠭᠤᠯᠤᠨ ᠮᠡᠳᠡᠭᠦᠯᠵᠦ᠂ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ | ᠬᠢᠨᠠᠯᠲᠠ ᠲᠠᠯᠪᠢᠭᠰᠠᠨ ᠪᠠᠶᠢᠳᠠᠯ ᠵᠡᠷᠭᠡ ᠶᠢ ᠮᠡᠳᠡᠭᠦᠯᠦᠨ᠎ᠡ᠃ | ᠲᠠᠪᠤᠳᠤᠭᠠᠷ ᠵᠦᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠢᠯ ᠣᠯᠤᠭᠠᠳᠤᠶ ᠴᠡᠷᠢᠭ ᠤᠨ ᠭᠡᠷ ᠪᠦᠯᠢ ᠶᠢᠨ | ᠠᠮᠢᠳᠤᠷᠠᠯ ᠤᠨ ᠨᠥᠬᠦᠪᠥᠷᠢ ᠶᠢᠨ ᠪᠡᠯᠡ ᠮᠥᠩᠭᠦ ᠶᠢ ᠣᠨ ᠤ ᠲᠥᠰᠦᠪ ᠲᠡᠭᠡᠨ ᠣᠷᠣᠭᠤᠯᠵᠤ᠂ ᠠᠵᠢᠯ ᠣᠯᠣᠭᠠᠳᠤᠢ | ᠴᠡᠷᠢᠭ ᠤᠨ ᠭᠡᠷ ᠪᠦᠯᠢ ᠶᠢᠨ ᠬᠢᠨ ᠤ ᠠᠮᠢᠳᠤᠷᠠᠯ ᠤᠨ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ | ᠥᠭᠬᠦ ᠶᠢᠨ ᠬᠠᠮᠲᠤ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠬᠠᠮᠢᠶᠠᠷᠬᠤ ᠪᠠ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ | ᠵᠢᠷᠭᠤᠳᠤᠭᠠᠷ ᠵᠦᠢᠯ ᠬᠤᠲᠠ ᠶᠢᠨ ᠬᠢᠨᠠᠨ ᠪᠣᠳᠣᠬᠤ ᠲᠣᠪᠴᠢᠶ᠎ᠠ ᠠᠵᠢᠯ ᠣᠯᠣᠭᠠᠳᠤᠢ ᠴᠡᠷᠢᠭ ᠤᠨ ᠭᠡᠷ | ᠪᠦᠯᠢ ᠶᠢᠨ ᠬᠢᠨ ᠤ ᠪᠡᠯᠡ ᠮᠥᠩᠭᠦ ᠶᠢᠨ ᠠᠵᠢᠯᠯᠠᠭᠠᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠪᠣᠳᠣᠬᠤ ᠪᠠ ᠦᠨᠡᠯᠡᠨ ᠵᠢᠱᠢᠬᠦ ᠶᠢ ᠬᠠᠷᠢᠭᠤᠴᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠵᠦᠢ ᠵᠣᠬᠢᠰᠲᠠᠢ ᠪᠥᠭᠡᠳ | ᠬᠠᠤᠯᠢ ᠳᠤ ᠨᠡᠶᠢᠴᠡᠭᠦᠯᠬᠦ ᠶᠢ ᠪᠠᠲᠤᠯᠠᠨ᠎ᠠ᠃ | ᠳᠣᠯᠣᠳᠤᠭᠠᠷ ᠵᠦᠢᠯ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ | ᠠᠵᠢᠯ ᠤᠨ ᠭᠠᠵᠠᠷ ᠨᠢ ᠬᠤᠲᠠ ᠳᠤ ᠰᠠᠭᠤᠭ᠎ᠠ ᠠᠵᠢᠯ ᠣᠯᠤᠭᠠᠳᠤᠶ ᠴᠡᠷᠢᠭ ᠤᠨ ᠭᠡᠷ ᠪᠦᠯᠢ ᠶᠢᠨ ᠬᠢᠨ ᠤ | ᠠᠮᠢᠳᠤᠷᠠᠯ ᠤᠨ ᠨᠥᠬᠦᠪᠥᠷᠢ ᠭᠤᠶᠤᠴᠢᠯᠠᠨ ᠠᠪᠤᠭᠰᠠᠨ ᠪᠠᠶᠢᠳᠠᠯ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠬᠤ ᠶᠢ | ᠬᠠᠷᠢᠭᠤᠴᠠᠨ᠎ᠠ᠃ | ᠨᠠᠢᠮᠠᠳᠤᠭᠠᠷ ᠵᠦᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠲᠠᠢ | ᠬᠠᠮᠲᠤᠷᠠᠨ ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠢ ᠳᠠᠭᠠᠭᠰᠠᠨ ᠭᠡᠷ ᠪᠦᠯᠢ ᠶᠢᠨ ᠠᠵᠢᠯ ᠣᠯᠤᠭᠠᠳᠤᠶ | ᠪᠠᠶᠢᠳᠠᠯ ᠢ ᠬᠢᠨᠠᠨ ᠬᠠᠷᠭᠤᠭᠤᠯᠵᠤ ᠨᠤᠲᠠᠯᠠᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ᠂ ᠡᠯ᠎ᠡ ᠲᠥᠷᠥᠯ ᠤᠨ | ᠬᠥᠮᠦᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠶᠢᠨ ᠳᠠᠩᠰᠠᠯᠠᠯᠲᠠ ᠶᠢᠨ ᠪᠠᠶᠢᠳᠠᠯ ᠪᠠ ᠴᠡᠷᠢᠭ ᠢ ᠳᠠᠭᠠᠭᠰᠠᠨ ᠭᠡᠷ | ᠪᠦᠯᠢ ᠶᠢᠨ ᠬᠢᠨ ᠤ ᠲᠤᠰ ᠬᠥᠮᠦᠨ ᠤ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠠᠩᠭᠠᠨ᠎ᠠ᠃ | ᠶᠢᠰᠦᠳᠦᠭᠡᠷ ᠵᠦᠢᠯ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠲᠤᠰ ᠨᠢᠭᠡᠴᠡ ᠶᠢᠨ ᠢᠶᠠᠨ ᠴᠡᠷᠢᠭ ᠢ | ᠳᠠᠭᠠᠭᠰᠠᠨ ᠭᠡᠷ ᠪᠦᠯᠢ ᠶᠢᠨ ᠬᠢᠨ ᠤ ᠪᠡᠶ᠎ᠡ ᠭᠠᠷᠤᠯ ᠪᠠ ᠠᠵᠢᠯ ᠣᠯᠣᠭᠠᠳᠤᠢ ᠬᠤᠭᠤᠴᠠᠭᠠᠨ ᠳᠠᠬᠢ ᠠᠮᠢᠳᠤᠷᠠᠯ ᠤᠨ | ᠨᠥᠬᠦᠪᠦᠷᠢ ᠭᠤᠶᠤᠴᠢᠯᠠᠬᠤ ᠬᠢᠷᠢ ᠬᠡᠮ ᠢ ᠬᠢᠨᠠᠨ ᠪᠠᠶᠢᠴᠠᠭᠠᠵᠤ᠂ ᠲᠤᠰ ᠨᠢᠭᠡᠴᠡ ᠶᠢᠨ ᠢᠶᠠᠨ ᠠᠮᠢᠳᠤᠷᠠᠯ ᠤᠨ | ᠨᠥᠬᠦᠪᠦᠷᠢ ᠣᠯᠣᠭᠰᠠᠨ ᠬᠥᠮᠥᠨ ᠤ ᠲᠤᠭ᠎ᠠ ᠪᠠ ᠵᠣᠭᠤᠰ ᠤᠨ ᠲᠤᠭ᠎ᠠ ᠶᠢ ᠬᠤᠷᠢᠶᠠᠩᠭᠤᠶᠢᠯᠠᠬᠤ ᠶᠢᠨ ᠬᠠᠮᠲᠤ ᠬᠠᠮᠢᠶ᠎ᠠ | ᠪᠦᠬᠦᠢ ᠮᠠᠲ᠋ᠧᠷᠢᠶᠠᠯ ᠢ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠠ | ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠲᠤ ᠮᠡᠳᠡᠭᠦᠯᠦᠨ | ᠬᠢᠨᠠᠨ ᠵᠥᠪᠰᠢᠶᠡᠷᠡᠭᠦᠯᠦᠨ᠎ᠡ᠃ ᠠᠵᠢᠯ ᠣᠯᠤᠭᠠᠳᠤᠶ ᠴᠡᠷᠢᠭ ᠤᠨ ᠭᠡᠷ ᠪᠦᠯᠢ ᠶᠢᠨ ᠬᠢᠨ ᠤ ᠠᠮᠢᠳᠤᠷᠠᠯ ᠤᠨ ᠨᠥᠬᠦᠪᠥᠷᠢ | ᠪᠡᠯᠡ ᠮᠥᠩᠭᠦ ᠭᠤᠶᠤᠴᠢᠯᠠᠨ ᠠᠪᠬᠤ ᠡᠬᠡ ᠳᠠᠩᠰᠠ ᠶᠢ ᠪᠠᠶᠢᠭᠤᠯᠵᠤ᠂ ᠴᠡᠷᠢᠭ ᠤᠨ ᠰᠠᠭᠤᠭ᠎ᠠ ᠭᠠᠵᠠᠷ ᠤᠨ ᠴᠡᠷᠢᠭ ᠤᠨ | ᠭᠡᠷ ᠪᠦᠯᠢ ᠶᠢᠨ ᠬᠢᠨ ᠢ ᠳᠠᠭᠠᠵᠤ ᠠᠵᠢᠯ ᠣᠯᠤᠭᠠᠳᠤᠶ ᠠᠮᠢᠳᠤᠷᠠᠯ ᠤᠨ ᠨᠥᠬᠦᠪᠥᠷᠢ ᠶᠢᠨ ᠬᠤᠪᠢᠷᠠᠯᠲᠠ ᠶᠢ ᠨᠠᠷᠢᠨ | ᠲᠡᠮᠳᠡᠭᠯᠡᠵᠦ᠂ ᠨᠥᠬᠦᠪᠥᠷᠢ ᠪᠡᠯᠡ ᠮᠥᠩᠭᠦ ᠶᠢᠨ ᠲᠣᠭᠠᠴᠠᠭ᠎ᠠ ᠬᠢᠬᠦ᠂ ᠢᠯᠭᠠᠷᠠᠭᠤᠯᠬᠤ ᠪᠠ ᠳᠠᠩᠰᠠ ᠬᠠᠷᠭᠤᠭᠤᠯᠬᠤ | ᠠᠵᠢᠯ ᠢ ᠰᠠᠶᠢᠲᠤᠷ ᠬᠢᠬᠦ ᠬᠡᠷᠡᠭᠲᠡᠶ᠃ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠤ ᠬᠠᠮᠢᠶ᠎ᠠ ᠪᠦᠬᠦᠢ ᠪᠠᠶᠢᠳᠠᠯ ᠵᠢᠴᠢ | ᠮᠠᠲ᠋ᠧᠷᠢᠶᠠᠯ ᠢ ᠴᠠᠭ ᠲᠤᠬᠠᠢ ᠳᠤᠨᠢ ᠴᠤᠭᠯᠠᠭᠤᠯᠵᠤ᠂ ᠭᠤᠶᠤᠴᠢᠯᠠᠨ ᠠᠪᠬᠤ ᠡᠲᠡᠭᠡᠳ ᠢ ᠠᠩᠬ᠎ᠠ ᠬᠢᠨᠠᠬᠤ ᠪᠠ ᠵᠠᠷᠯᠠᠨ | ᠨᠡᠶᠢᠲᠡᠯᠡᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠴᠡᠷᠢᠭ ᠢ ᠳᠠᠭᠠᠵᠤ ᠠᠵᠢᠯ ᠣᠯᠣᠭᠠᠳᠤᠢ ᠭᠡᠷ ᠪᠦᠯᠢ ᠶᠢᠨ | ᠪᠠᠶᠢᠳᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠬᠤᠳᠠ ᠶᠢᠨ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠵᠠᠷᠯᠠᠨ ᠮᠡᠳᠡᠭᠳᠡᠨ᠎ᠡ᠃ | ᠭᠤᠷᠪᠠᠳᠤᠭᠠᠷ ᠪᠦᠯᠦᠭ ᠪᠡᠯᠡ ᠮᠥᠩᠭᠦ ᠴᠤᠭᠯᠠᠭᠤᠯᠬᠤ ᠪᠠ ᠰᠠᠯᠭᠠᠨ ᠥᠭᠬᠦ | ᠠᠷᠪᠠᠳᠤᠭᠠᠷ ᠵᠦᠢᠯ ᠠᠵᠢᠯ ᠣᠯᠤᠭᠠᠳᠤᠶ ᠴᠡᠷᠢᠭ ᠤᠨ ᠭᠡᠷ ᠪᠦᠯᠢ ᠶᠢᠨ ᠬᠢᠨ ᠤ ᠠᠮᠢᠳᠤᠷᠠᠯ ᠤᠨ ᠨᠥᠬᠦᠪᠥᠷᠢ | ᠪᠡᠯᠡ ᠮᠥᠩᠭᠦ ᠶᠢ ᠰᠠᠯᠭᠠᠨ ᠥᠭᠬᠦ ᠳᠤ ︽ᠲᠤᠬᠠᠶ ᠶᠢᠨ ᠵᠢᠯ ᠳᠤ ᠤᠷᠢᠳᠴᠢᠯᠠᠨ ᠰᠠᠯᠭᠠᠨ ᠥᠭᠴᠦ᠂ ᠳᠠᠷᠠᠭ᠎ᠠ | ᠵᠢᠯ ᠢᠶᠠᠷ ᠨᠢ ᠳ᠋ᠦᠩᠨᠡᠨ ᠪᠤᠳᠤᠬᠤ︾ ᠠᠷᠭ᠎ᠠ ᠶᠢ ᠠᠪᠴᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠢᠯ | ᠪᠦᠷᠢ ᠶᠢᠨ 1 ᠰᠠᠷ᠎ᠠ ᠪᠠ 7 ᠰᠠᠷ᠎ᠠ ᠳᠤ ᠠᠵᠢᠯ ᠣᠯᠤᠭᠠᠳᠤᠶ ᠴᠡᠷᠢᠭ ᠤᠨ ᠭᠡᠷ ᠪᠦᠯᠢ ᠶᠢᠨ ᠬᠢᠨ ᠤ ᠠᠮᠢᠳᠤᠷᠠᠯ ᠤᠨ | ᠨᠥᠬᠦᠪᠥᠷᠢ ᠮᠥᠩᠭᠦ ᠶᠢ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠳᠤ | ᠪᠠᠭᠤᠯᠭᠠᠨ᠎ᠠ᠃ ᠵᠢᠯ ᠪᠦᠷᠢ ᠶᠢᠨ 6 ᠰᠠᠷ᠎ᠠ ᠪᠠ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠲᠠ ᠶᠢᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠥᠬᠦᠪᠥᠷᠢ ᠪᠡᠯᠡ ᠮᠥᠩᠭᠦ ᠶᠢ | ᠳ᠋ᠦᠩᠨᠡᠨ ᠪᠤᠳᠤᠭᠰᠠᠨ ᠪᠠᠶᠢᠳᠠᠯ ᠢᠶᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠵᠦ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠲᠤᠰ ᠵᠢᠯ ᠤᠨ ᠪᠡᠯᠡ ᠮᠥᠩᠭᠦ ᠶᠢ ᠤᠷᠢᠳᠴᠢᠯᠠᠨ ᠰᠠᠯᠭᠠᠨ ᠥᠭᠬᠦ ᠶᠢᠨ ᠬᠠᠮᠲᠤ | ᠳᠡᠭᠡᠷ᠎ᠡ ᠵᠢᠯ ᠤᠨ ᠨᠥᠬᠦᠪᠥᠷᠢ ᠪᠡᠯᠡ ᠮᠥᠩᠭᠦ ᠶᠢ ᠳ᠋ᠦᠩᠨᠡᠨ ᠪᠣᠳᠣᠨ᠎ᠠ᠃ | ᠳᠥᠷᠪᠡᠳᠦᠭᠡᠷ ᠪᠦᠯᠦᠭ ᠪᠡᠯᠡ ᠮᠥᠩᠭᠦ ᠣᠯᠭᠤᠬᠤ ᠪᠠ ᠬᠠᠮᠢᠶᠠᠷᠬᠤ | ᠠᠷᠪᠠᠨ ᠨᠢᠭᠡᠳᠦᠭᠡᠷ ᠵᠦᠢᠯ ᠠᠵᠢᠯ ᠣᠯᠤᠭᠠᠳᠤᠶ ᠴᠡᠷᠢᠭ ᠠᠩᠭᠢ ᠶᠢ ᠳᠠᠭᠠᠵᠤ ᠪᠠᠶᠢᠭ᠎ᠠ ᠭᠡᠷ | ᠪᠦᠯᠢ ᠶᠢᠨ ᠬᠢᠨ ᠳᠤ ᠠᠮᠢᠳᠤᠷᠠᠯ ᠤᠨ ᠨᠥᠬᠦᠪᠥᠷᠢ ᠮᠥᠩᠭᠦ ᠭᠤᠶᠤᠴᠢᠯᠠᠨ ᠠᠪᠬᠤ ᠳᠤ ᠡᠷᠬᠡᠪᠰᠢ ᠳᠣᠣᠷᠠᠬᠢ | ᠨᠥᠬᠦᠴᠡᠯ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠶ᠄ | ︵ᠨᠢᠭᠡ ︶ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠠᠯᠪᠠ ᠬᠠᠭᠠᠵᠤ ᠪᠠᠶᠢᠭ᠎ᠠ ᠠᠯᠪᠠᠨ | ᠴᠡᠷᠢᠭ︶ ᠭᠡᠷ ᠪᠦᠯᠢ | ︵ᠬᠤᠶᠠᠷ︶ ᠴᠡᠷᠢᠭ ᠠᠩᠭᠢ ᠶᠢᠨ ᠳ᠋ᠢᠸᠢᠽᠢ ︵ᠪᠠᠷᠢᠭᠠᠳᠠ︶︶ ᠳᠡᠭᠡᠳᠦ ᠱᠠᠲᠤ ᠠᠴᠠ ᠳᠡᠭᠡᠭᠰᠢᠬᠢ ᠤᠯᠤᠰ | ᠲᠥᠷᠥ ᠶᠢᠨ ᠪᠠᠢᠭᠤᠯᠤᠯᠭ᠎ᠠ ᠴᠡᠷᠢᠭ ᠢ ᠳᠠᠭᠠᠬᠤ ᠶᠢ ᠵᠥᠪᠰᠢᠶᠡᠷᠡᠬᠦ | ︵ᠭᠤᠷᠪᠠ︶ ᠴᠡᠷᠢᠭ ᠬᠥᠮᠥᠨ ︵ ᠣᠢᠭᠡᠷᠠᠴᠢᠯᠠᠯᠲᠠ ᠬᠢᠭᠦ ᠬᠤᠭᠤᠴᠠᠭᠠᠨ ᠳᠤ ᠠᠯᠪᠠ ᠬᠠᠭᠠᠬᠰᠠᠨ | ᠺᠠᠳ᠋ᠷᠴᠣᠣᠠ ᠢ ᠪᠢᠴᠢᠭ ᠤᠨ ᠳᠣᠰᠢᠶᠠᠯᠲᠠᠨ ᠪᠠᠭᠲᠠᠭᠠᠨ᠎ᠠ︶ ᠭᠡᠷ ᠪᠦᠯᠢ ᠶᠢᠨ ᠬᠢᠨ ᠨᠢᠭᠡᠨᠲᠡ ᠴᠡᠷᠢᠭ ᠢ ᠳᠠᠭᠠᠵᠤ | ᠠᠩᠭᠢ ᠶᠢ ᠳᠠᠭᠠᠵᠤ᠂ ᠡᠷᠦᠬᠡ ᠠᠮᠠ ᠶᠢᠨ ᠳᠠᠩᠰᠠ ᠨᠢ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠲᠤ 6 | ᠰᠠᠷ᠎ᠠ ᠠᠴᠠ ᠳᠡᠭᠡᠭᠰᠢ ᠨᠡᠭᠦᠵᠦ ᠢᠷᠡᠵᠡᠢ᠃ | ︵ᠳᠥᠷᠪᠡ︶ ᠴᠡᠷᠢᠭ ︵ᠥᠭᠡᠷᠡᠴᠢᠯᠡᠯᠲᠡ ᠬᠢᠵᠦ ᠪᠠᠶᠢᠭ᠎ᠠ ᠬᠤᠭᠤᠴᠠᠭᠠᠨ ᠳᠤ ᠠᠯᠪᠠᠨ ᠳᠤ ᠪᠠᠶᠢᠭ᠎ᠠ ᠺᠠᠲᠠᠷ ᠢ | ᠪᠢᠴᠢᠭ ᠤᠨ ᠲᠤᠰᠢᠶᠠᠯᠲᠠᠨ ᠪᠠᠭᠲᠠᠨ᠎ᠠ︶︶ ᠭᠡᠷ ᠪᠦᠯᠢ ᠶᠢᠨ ᠬᠢᠨ ᠠᠵᠢᠯ ᠣᠯᠣᠭᠰᠠᠨ ᠦᠭᠡᠢ ᠪᠥᠭᠡᠳ ᠲᠣᠭᠲᠠᠮᠠᠯ | ᠣᠷᠣᠯᠭ᠎ᠠ ᠦᠭᠡᠢ︔ | ︵ᠲᠠᠪᠤ︶ ᠴᠡᠷᠢᠭ ᠬᠥᠮᠥᠨ ︵ᠦᠭᠡᠷᠡᠴᠢᠯᠡᠯᠲᠡ ᠶᠢᠨ ᠬᠤᠭᠤᠴᠠᠭᠠᠨ ᠳᠤ ᠠᠯᠪᠠ ᠬᠠᠭᠠᠵᠤ ᠪᠠᠶᠢᠭ᠎ᠠ ᠺᠠᠳ᠋ᠷ ᠢ | ᠪᠢᠴᠢᠭ ᠤᠨ ᠠᠵᠢᠯᠲᠠᠨ ᠭᠡᠵᠦ ᠬᠠᠯᠠᠭᠰᠠᠨ︶ ᠭᠡᠷ ᠪᠦᠯᠢ ᠨᠢ ᠴᠡᠷᠢᠭ ᠠᠩᠭᠢ ᠠᠴᠠ ᠦᠨᠳᠦᠰᠦᠨ ᠠᠮᠢᠳᠤᠷᠠᠯ ᠤᠨ | ᠨᠥᠬᠦᠪᠥᠷᠢ ᠠᠪᠴᠤ᠃ | ᠠᠷᠪᠠᠨ ᠬᠤᠶᠠᠳᠤᠭᠠᠷ ᠵᠦᠢᠯ ᠠᠮᠢᠳᠤᠷᠠᠯ ᠤᠨ ᠨᠥᠬᠦᠪᠥᠷᠢ ᠶᠢ ᠬᠠᠭᠠᠰ ᠵᠢᠯ ᠪᠦᠷᠢ ᠨᠢᠭᠡ ᠤᠳᠠᠭ᠎ᠠ | ᠭᠤᠶᠤᠴᠢᠯᠠᠨ᠎ᠠ᠂ ᠭᠤᠶᠤᠴᠢᠯᠠᠬᠤ ᠶᠠᠪᠤᠴᠠ ᠨᠢ ᠳᠣᠤᠷᠠᠬᠢ ᠮᠡᠲᠦ᠄ | ︵ᠨᠢᠭᠡ︶ ᠴᠡᠷᠢᠭ ᠬᠦᠮᠦᠨ ︵ᠦᠭᠡᠷᠡᠴᠢᠯᠡᠯᠲᠡ ᠶᠢᠨ ᠬᠤᠭᠤᠴᠠᠭᠠᠨ ᠳᠤ ᠠᠯᠪᠠ ᠬᠠᠭᠠᠵᠤ ᠪᠠᠶᠢᠭ᠎ᠠ ᠺᠠᠳ᠋ᠷ ᠢ | ᠪᠢᠴᠢᠭ ᠤᠨ ᠠᠵᠢᠯᠲᠠᠨ ᠪᠠᠭᠲᠠᠨ᠎ᠠ︶ ᠤᠨ ᠭᠡᠷ ᠪᠦᠯᠢ ᠶᠢᠨ ᠬᠢᠨ ᠤ ᠴᠡᠷᠢᠭ ᠠᠩᠭᠢ ᠶᠢᠨ ︵ᠪᠠᠷᠢᠭᠠᠳᠠ︶︶ ᠳᠡᠭᠡᠷᠡᠬᠢ | ᠤᠯᠤᠰ ᠲᠥᠷᠥ ᠶᠢᠨ ᠪᠠᠶᠢᠭᠤᠯᠭ᠎ᠠ ᠨᠢ ᠴᠡᠷᠢᠭ ᠢ ᠳᠠᠭᠠᠬᠤ ᠶᠢ ᠵᠥᠪᠰᠢᠶᠡᠷᠡᠭᠰᠡᠨ ᠤ ᠳᠠᠷᠠᠭ᠎ᠠ᠂ ᠡᠷᠦᠬᠡ ᠠᠮᠠ ᠶᠢᠨ | ᠳᠠᠩᠰᠠ ᠪᠠᠨ ᠴᠡᠷᠢᠭ ᠠᠩᠭᠢ ᠶᠢᠨ ᠪᠠᠶᠢᠭ᠎ᠠ ᠭᠠᠵᠠᠷ ᠲᠤ ᠰᠢᠯᠵᠢᠭᠦᠯᠪᠡ᠃ | ︵ᠬᠤᠶᠠᠷ︶ ᠬᠤᠪᠢ ᠬᠥᠮᠦᠨ ᠭᠤᠶᠤᠴᠢᠯᠠᠬᠤ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ︽ᠤᠯᠠᠭᠠᠨᠴᠠᠪ | ᠬᠤᠲᠠ ᠳᠤ ᠰᠠᠭᠤᠭ᠎ᠠ ᠴᠡᠷᠢᠭ ᠠᠩᠭᠢ ᠶᠢᠨ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠤ ᠠᠵᠢᠯ ᠣᠯᠣᠭᠠᠳᠤᠢ | ᠬᠤᠭᠤᠴᠠᠭᠠᠨ ᠳᠠᠬᠢ ᠠᠮᠢᠳᠤᠷᠠᠯ ᠤᠨ ᠨᠥᠬᠦᠪᠦᠷᠢ ᠶᠢ ᠬᠢᠨᠠᠨ ᠵᠥᠪᠰᠢᠶᠡᠷᠡᠬᠦ ᠬᠦᠰᠦᠨᠦᠭᠲᠦ︾ ︵ᠳᠠᠭᠠᠯᠳᠤᠭᠤᠯᠤᠯ ᠳᠤ | ᠨᠠᠷᠢᠨ ᠦᠵᠡ︶ ᠶᠢ ᠲᠠᠭᠯᠠᠵᠤ᠂ ᠪᠠᠶᠢᠭ᠎ᠠ ᠪᠦᠯᠬᠦᠮ ᠲᠤ ᠪᠠᠨ ᠮᠡᠳᠡᠭᠦᠯᠦᠨ᠎ᠡ᠃︶ ᠳᠡᠭᠡᠷᠡᠬᠢ ᠤᠯᠤᠰ ᠲᠥᠷᠥ ᠶᠢᠨ | ᠪᠠᠶᠢᠭᠤᠯᠤᠯᠭ᠎ᠠ ᠪᠤᠶᠤ ᠪᠡᠶ᠎ᠡ ᠳᠠᠭᠠᠭᠰᠠᠨ ᠪᠠᠶᠢᠭᠤᠯᠤᠯᠭ᠎ᠠ ᠨᠢ ᠠᠩᠬᠠᠨ ᠤ ᠬᠢᠨᠠᠯᠲᠠᠬᠢᠨᠡ᠃ | ︵ᠭᠤᠷᠪᠠ ︶ ᠠᠩᠬᠠᠨ ᠤ ᠬᠢᠨᠠᠯᠲᠠ᠃ ᠰᠠᠭᠤᠭ᠎ᠠ ᠭᠠᠵᠠᠷ ᠤᠨ ᠡᠯ᠎ᠡ ᠴᠡᠷᠢᠭ ᠠᠩᠭᠢ ᠶᠢᠨ ᠬᠤᠷᠢᠶ᠎ᠠ ︵ | ᠪᠠᠭᠲᠠᠨ᠎ᠠ︶ ᠠᠴᠠ ᠳᠡᠭᠡᠭᠰᠢᠬᠢ ᠤᠯᠤᠰ ᠲᠥᠷᠥ ᠶᠢᠨ ᠪᠠᠶᠢᠭᠤᠯᠭ᠎ᠠ ᠪᠤᠶᠤ ᠲᠤᠰᠠᠭᠠᠷ ᠨᠢᠭᠡᠴᠢ ᠨᠦᠭᠦᠳ ᠴᠡᠷᠢᠭ ᠢ | ᠳᠠᠭᠠᠵᠤ ᠪᠠᠶᠢᠭ᠎ᠠ ᠭᠡᠷ ᠪᠦᠯᠢ ᠶᠢᠨ ᠬᠢᠨ ᠤ ᠠᠵᠢᠯ ᠣᠯᠣᠭᠠᠳᠤᠢ ᠪᠠᠶᠢᠳᠠᠯ ᠳᠤ ᠠᠩᠬᠠᠨ ᠤ ᠬᠢᠨᠠᠯᠲᠠ ᠬᠢᠬᠦ ᠶᠢᠨ ᠬᠠᠮᠲᠤ | ᠳᠣᠣᠷᠠᠬᠢ ᠮᠠᠲ᠋ᠧᠷᠢᠶᠠᠯ ︵ᠤᠭ ᠮᠠᠲ᠋ᠧᠷᠢᠶᠠᠯ ᠪᠠ ᠬᠠᠭᠤᠯᠪᠤᠷᠢ︶ ᠢ ᠴᠤᠭᠯᠠᠭᠤᠯᠤᠨ᠎ᠠ᠃︶᠄ | 1. ᠤᠯᠠᠭᠠᠨᠴᠠᠪ ᠬᠤᠲᠠ ᠳᠤ ᠰᠠᠭᠤᠭ᠎ᠠ ᠴᠡᠷᠢᠭ ᠠᠩᠭᠢ ᠴᠡᠷᠢᠭ ᠤᠨ ᠭᠡᠷ ᠪᠦᠯᠢ ᠶᠢᠨ ᠬᠢᠨ ᠳᠤ ᠠᠵᠢᠯ | ᠣᠯᠣᠭᠠᠳᠤᠢ ᠬᠤᠭᠤᠴᠠᠭᠠᠨ ᠳᠠᠬᠢ ᠠᠮᠢᠳᠤᠷᠠᠯ ᠤᠨ ᠨᠥᠬᠦᠪᠦᠷᠢ ᠶᠢ ᠬᠢᠨᠠᠨ ᠵᠥᠪᠰᠢᠶᠡᠷᠡᠬᠦ ᠬᠦᠰᠦᠨᠦᠭ︔ | 2. ᠳ᠋ᠢᠸᠢᠽᠢ ︵ᠪᠠᠷᠢᠭᠠᠳᠠ︶ ᠠᠴᠠ ᠳᠡᠭᠡᠭᠰᠢᠬᠢ ᠤᠯᠤᠰ ᠲᠥᠷᠥ ᠶᠢᠨ ᠪᠠᠶᠢᠭᠤᠯᠭ᠎ᠠ ᠶᠢᠨ ᠵᠥᠪᠰᠢᠶᠡᠷᠡᠭᠰᠡᠨ | ᠴᠡᠷᠢᠭ ᠤᠨ ᠭᠡᠷ ᠪᠦᠯᠢ ᠶᠢᠨ ᠬᠢᠨ ᠴᠡᠷᠢᠭ ᠢ ᠳᠠᠭᠠᠭᠰᠠᠨ ᠮᠡᠳᠡᠭᠦᠯᠦᠯᠲᠡ ᠶᠢ ᠬᠢᠨᠠᠨ ᠵᠥᠪᠰᠢᠶᠡᠷᠡᠭᠰᠡᠨ ᠬᠦᠰᠦᠨᠦᠭᠲᠦ ︵ | ᠪᠠᠭᠤᠯᠭᠠᠪᠤᠷᠢ︶ | 3. ᠲᠤᠰ ᠬᠥᠮᠥᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠬᠠᠨᠢ ᠨᠥᠬᠦᠷ ᠤᠨ ᠢᠶᠠᠨ | ᠴᠡᠷᠢᠭ ᠤᠨ ᠦᠨᠡᠮᠯᠡᠯ ︵ᠴᠡᠷᠢᠭ ᠤᠨ ᠳᠠᠷᠤᠭ᠎ᠠ ᠶᠢᠨ ᠦᠨᠡᠮᠯᠡᠯ᠂ ᠴᠠᠭᠳᠠᠭ᠎ᠠ ᠶᠢᠨ ᠳᠠᠷᠤᠭ᠎ᠠ ᠶᠢᠨ ᠦᠨᠡᠮᠯᠡᠯ᠂ | ᠪᠢᠴᠢᠭ ᠤᠨ ᠠᠵᠢᠯᠲᠠᠨ ᠤ ᠦᠨᠡᠮᠯᠡᠯ᠂ ᠴᠡᠷᠢᠭ ᠤᠨ ᠵᠡᠪᠰᠡᠭ ᠤᠨ ᠦᠨᠡᠮᠯᠡᠯ᠂ ᠴᠠᠭᠳᠠᠭ᠎ᠠ ᠶᠢᠨ ᠭᠡᠷᠡᠴᠢ︶᠂ | ᠤᠷᠤᠭᠯᠠᠬᠤ ᠭᠡᠷᠡᠴᠢ | 4. ᠬᠤᠪᠢ ᠬᠥᠮᠦᠨ ᠪᠠᠶᠢᠩᠭᠤ ᠰᠠᠭᠤᠭ᠎ᠠ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠬᠤ | ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠦᠨ᠎ᠡ︔ | 5. ᠴᠡᠷᠢᠭ ᠠᠩᠭᠢ ᠨᠥᠬᠦᠪᠥᠷᠢ ᠶᠢᠨ ᠭᠡᠷᠡᠴᠢ ᠣᠯᠭᠤᠬᠤ ᠬᠡᠷᠡᠭᠲᠡᠶ᠃ | ︵ ᠲᠦᠷᠪᠡ︶ ᠢᠯᠡ ᠨᠡᠶᠢᠲᠡᠯᠡᠬᠦ᠃ ᠬᠤᠲᠠ ᠳᠤ ᠰᠠᠭᠤᠭ᠎ᠠ ᠡᠯ᠎ᠡ ᠴᠡᠷᠢᠭ ᠠᠩᠭᠢ ᠠᠩᠬ᠎ᠠ ᠬᠢᠨᠠᠭᠰᠠᠨ ᠤ ᠳᠠᠷᠠᠭ᠎ᠠ | ᠂ ᠭᠤᠶᠤᠴᠢᠯᠠᠬᠤ ᠡᠲᠡᠭᠡᠳ ᠤᠨ ᠨᠡᠶᠢᠭᠡᠮ ᠲᠣᠭᠤᠷᠢᠭ ︵ᠪᠤᠶᠤ ᠡᠵᠡᠩᠨᠡᠯᠲᠡ ᠶᠢᠨ ᠲᠣᠭᠤᠷᠢᠭ︶ ᠲᠤ ᠵᠠᠷᠯᠠᠨ | ᠨᠡᠶᠢᠲᠡᠯᠡᠬᠦ ︵ᠠᠮᠢᠳᠤᠷᠠᠯ ᠤᠨ ᠨᠥᠬᠦᠪᠥᠷᠢ ᠠᠪᠬᠤ ᠬᠥᠮᠦᠰ ᠤᠨ ᠨᠡᠷᠡᠰ᠂ ᠴᠡᠷᠢᠭ ᠠᠩᠭᠢ ᠶᠢᠨ ᠣᠷᠣᠯᠠᠬᠤ ᠨᠣᠮᠧᠷ᠂ | ᠬᠡᠷ ᠪᠦᠯᠢ ᠶᠢᠨ ᠣᠪᠣᠭ ᠨᠡᠷ᠎ᠡ᠂ ᠴᠠᠭ᠂ ᠪᠠᠷᠢᠮᠵᠢᠶ᠎ᠠ ᠪᠠ ᠵᠣᠭᠤᠰ ᠤᠨ ᠲᠤᠭ᠎ᠠ ᠵᠡᠷᠭᠡ ᠪᠠᠭᠲᠠᠨ᠎ᠠ︶ ᠢ ᠵᠠᠷᠯᠠᠨ | ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃ ᠢᠯᠡ ᠨᠡᠶᠢᠳᠡᠯᠡᠭᠡᠳ ᠤᠨᠳᠤᠤ ᠰᠠᠨᠠᠯ ᠦᠭᠡᠢ | ᠪᠠᠶᠢᠪᠠᠯ᠂ ᠡᠯ᠎ᠡ ᠴᠡᠷᠢᠭ ᠠᠩᠭᠢ ᠶᠢᠨ ᠬᠤᠷᠢᠶ᠎ᠠ ︵ᠪᠠᠭᠲᠠᠨ᠎ᠠ︶︶ ᠳᠡᠭᠡᠷᠡᠬᠢ ᠤᠯᠤᠰ ᠲᠥᠷᠥ ᠶᠢᠨ ᠪᠠᠶᠢᠭᠤᠯᠭ᠎ᠠ | ᠪᠤᠶᠤ ᠲᠤᠰᠠᠭᠠᠷ ᠨᠢᠭᠡᠴᠢ ᠨᠦᠭᠦᠳ ᠲᠤᠰ ᠨᠢᠭᠡᠴᠡ ᠶᠢᠨ ᠢᠶᠠᠨ ᠴᠡᠷᠢᠭ ᠤᠨ ᠭᠡᠷ ᠪᠦᠯᠢ ᠶᠢ ᠳᠠᠭᠠᠵᠤ ᠠᠵᠢᠯ | ᠣᠯᠣᠭᠠᠳᠤᠢ ᠬᠥᠮᠥᠰ ᠤᠨ ᠭᠤᠶᠤᠴᠢᠯᠠᠨ ᠠᠪᠴᠤ ᠪᠠᠶᠢᠭ᠎ᠠ ᠪᠠᠶᠢᠳᠠᠯ ᠢ ᠬᠤᠷᠢᠶᠠᠩᠭᠤᠶᠢᠯᠠᠵᠤ᠂ ᠤᠯᠠᠭᠠᠨᠴᠠᠪ ᠤᠨ | ᠴᠡᠷᠢᠭ ᠤᠨ ᠬᠤᠪᠢᠶᠠᠷᠢ ᠲᠣᠭᠤᠷᠢᠭ ᠲᠤ ᠮᠡᠳᠡᠭᠦᠯᠦᠨ᠎ᠡ᠃ | ︵ᠲᠠᠪᠤ︶ ᠳᠠᠬᠢᠨ ᠬᠢᠨᠠᠯᠲᠠ᠃ ᠵᠢᠯ ᠪᠦᠷᠢ ᠶᠢᠨ 6 ᠰᠠᠷ᠎ᠠ ᠪᠠ 12 ᠰᠠᠷ᠎ᠠ ᠳᠤ᠂ ᠤᠯᠠᠭᠠᠨᠴᠠᠪ ᠤᠨ ᠴᠡᠷᠢᠭ ᠤᠨ | ᠬᠤᠪᠢᠶᠠᠷᠢ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠬᠤᠲᠠ ᠶᠢᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠭᠤᠶᠤᠴᠢᠯᠠᠯ ᠤᠨ ᠮᠠᠲ᠋ᠧᠷᠢᠶᠠᠯ ᠤᠨ ᠪᠥᠬᠦ ᠲᠠᠯ᠎ᠠ ᠶᠢᠨ | ᠴᠢᠨᠠᠷ᠂ ᠦᠨᠡᠨ ᠪᠣᠳᠠᠲᠤ ᠴᠢᠨᠠᠷ ᠢ ᠳᠠᠬᠢᠨ ᠬᠢᠨᠠᠬᠤ ᠶᠢ ᠬᠠᠷᠢᠭᠤᠴᠠᠵᠤ᠂ ᠴᠡᠷᠢᠭ ᠢ ᠳᠠᠭᠠᠭᠰᠠᠨ ᠭᠡᠷ ᠪᠦᠯᠢ ᠶᠢᠨ | ᠬᠤᠯᠪᠣᠭᠳᠠᠯ ᠪᠦᠬᠦᠢ ᠪᠠᠶᠢᠳᠠᠯ ᠢ ᠬᠢᠨᠠᠨ ᠬᠠᠷᠭᠤᠭᠤᠯᠤᠨ᠎ᠠ᠃ | ︵ᠵᠢᠷᠭᠤᠭ᠎ᠠ︶ ᠬᠢᠨᠠᠨ ᠵᠥᠪᠰᠢᠶᠡᠷᠡᠬᠦ᠃ ᠳᠠᠬᠢᠨ ᠬᠢᠨᠠᠯᠲᠠ ᠳᠠᠭᠤᠰᠤᠭᠰᠠᠨ ᠤ ᠳᠠᠷᠠᠭ᠎ᠠ᠂ ᠬᠤᠲᠠ ᠶᠢᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠰᠦᠯᠵᠢᠶᠡᠨ ᠳᠡᠭᠡᠷ᠎ᠡ 5 | ᠠᠵᠢᠯᠯᠠᠬᠤ ᠡᠳᠦᠷ ᠲᠤ ᠣᠨᠳᠣᠤ ᠰᠠᠨᠠᠯ ᠥᠬᠡᠶ ᠪᠠᠶᠢᠪᠠᠯ᠂ ᠬᠤᠲᠠ ᠶᠢᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠠᠮᠢᠳᠤᠷᠠᠯ ᠤᠨ | ᠨᠥᠬᠦᠪᠥᠷᠢ ᠠᠪᠬᠤ ᠬᠥᠮᠦᠨ ᠤ ᠲᠤᠭ᠎ᠠ ᠪᠠ ᠵᠣᠭᠤᠰ ᠤᠨ ᠲᠤᠭ᠎ᠠ ᠶᠢ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠳᠤ ᠮᠡᠳᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠤᠯᠠᠭᠠᠨᠴᠠᠪ ᠤᠨ ᠴᠡᠷᠢᠭ ᠤᠨ | ᠬᠤᠪᠢᠶᠠᠷᠢ ᠲᠣᠭᠤᠷᠢᠭ᠂ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠬᠢᠨᠠᠨ ᠬᠠᠷᠭᠤᠭᠤᠯᠤᠭᠰᠠᠨ ᠰᠠᠨᠠᠯ ᠢ ᠦᠨᠳᠦᠰᠦᠯᠡᠨ᠂ ᠤᠯᠤᠰ ᠤᠨ ᠬᠥᠮᠥᠷᠭᠡ ᠠᠴᠠ ᠲᠥᠪᠯᠡᠷᠡᠭᠦᠯᠦᠨ | ᠥᠭᠬᠦ ᠰᠢᠰᠲ᠋ᠧᠮ ᠢᠶᠠᠷ ᠳᠠᠮᠵᠢᠭᠤᠯᠤᠨ ᠨᠥᠬᠦᠪᠥᠷᠢ ᠶᠢᠨ ᠪᠠᠯᠠ ᠮᠥᠩᠭᠦ ᠶᠢ ᠬᠤᠲᠠ ᠶᠢᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠤ ᠰᠠᠯᠭᠠᠨ ᠥᠭᠴᠦ᠂ ᠬᠤᠲᠠ ᠶᠢᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠴᠡᠷᠢᠭ ᠢ ᠳᠠᠭᠠᠵᠤ ᠠᠵᠢᠯ ᠣᠯᠤᠭᠠᠳᠤᠶ | ᠬᠡᠷ ᠪᠦᠯᠢ ᠶᠢᠨ ᠬᠢᠨ ᠳᠤ ᠰᠠᠯᠭᠠᠨ ᠥᠭᠴᠦ ᠲᠣᠭᠲᠠᠭᠰᠠᠨ ᠪᠠᠩᠬᠢ ᠳᠤ ᠪᠠᠶᠢᠭᠤᠯᠤᠭᠰᠠᠨ ᠬᠤᠪᠢ ᠬᠥᠮᠦᠨ ᠤ ᠦᠨᠡᠨ | ᠨᠡᠷ᠎ᠡ ᠶᠢᠨ ᠳᠠᠩᠰᠠᠨ ᠡᠷᠦᠬᠡ ᠳᠤ ᠣᠷᠣᠭᠤᠯᠤᠨ᠎ᠠ᠃ | ᠠᠷᠪᠠᠨ ᠳᠥᠷᠪᠡᠳᠦᠭᠡᠷ ᠵᠦᠢᠯ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠠᠷᠠᠭ᠎ᠠ ᠰᠠᠷ᠎ᠠ ᠠᠴᠠ ᠨᠢ | ᠡᠬᠢᠯᠡᠨ ᠠᠮᠢᠳᠤᠷᠠᠯ ᠤᠨ ᠨᠥᠬᠦᠪᠥᠷᠢ ᠣᠯᠭᠤᠬᠤ ᠪᠠᠨ ᠵᠣᠭᠰᠣᠭᠠᠬᠤ ᠬᠡᠷᠡᠭᠲᠡᠶ᠄ | ︵ᠨᠢᠭᠡ︶ ᠴᠡᠷᠢᠭ ᠢ ᠳᠠᠭᠠᠯᠳᠤᠭᠰᠠᠨ ᠭᠡᠷ ᠪᠦᠯᠢ ᠶᠢᠨ ᠬᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠴᠡᠷᠢᠭ ᠠᠩᠭᠢ ᠶᠢᠨ | ᠳᠣᠲᠣᠭᠠᠳᠤ ᠳᠤ ᠠᠵᠢᠯ ᠣᠯᠣᠭᠰᠠᠨ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠡᠵᠡᠩᠨᠡᠵᠦ | ᠪᠠᠶᠢᠪᠠᠯ᠃ | ︵ᠬᠤᠶᠠᠷ︶ ᠴᠡᠷᠢᠭ ᠤᠨ ᠭᠡᠷ ᠪᠦᠯᠢ ᠶᠢᠨ ᠬᠢᠨ ᠢ ᠳᠠᠭᠠᠵᠤ ᠡᠷᠦᠬᠡ ᠠᠮᠠ ᠶᠢ ᠨᠢ ᠵᠢᠨᠢᠩ ᠲᠣᠭᠤᠷᠢᠭ ᠠᠴᠠ | ᠨᠡᠭᠦᠯᠭᠡᠬᠦ᠂ ᠡᠰᠡᠬᠦᠯ᠎ᠡ ᠴᠡᠷᠢᠭ ᠬᠥᠮᠥᠨ ᠲᠠᠢ ︵ᠥᠭᠡᠷᠡᠴᠢᠯᠡᠯᠲᠡ ᠶᠢᠨ ᠬᠤᠭᠤᠴᠠᠭᠠᠨ ᠳᠤ ᠠᠯᠪᠠ ᠬᠠᠭᠠᠵᠤ ᠪᠠᠶᠢᠭ᠎ᠠ | ᠺᠠᠳ᠋ᠷ ᠢ ᠪᠢᠴᠢᠭ ᠤᠨ ᠲᠤᠰᠢᠶᠠᠯᠲᠠᠨ ᠭᠡᠵᠦ ᠥᠭᠡᠷᠡᠴᠢᠯᠡᠨ᠎ᠡ᠃︶ ᠤᠷᠤᠭ ᠤᠨ ᠬᠠᠷᠢᠴᠠᠭ᠎ᠠ ᠶᠢ ᠲᠠᠰᠤᠯᠤᠭᠰᠠᠨ | ︵ᠭᠤᠷᠪᠠ︶ ᠴᠡᠷᠢᠭ ᠤᠨ ᠭᠡᠷ ᠪᠦᠯᠢ ᠶᠢ ᠲᠠᠭᠠᠵᠤ ᠡᠷᠡᠭᠦᠦ ᠶᠢᠨ ᠬᠠᠤᠯᠢ ᠳᠤ ᠬᠠᠯᠳᠠᠭᠰᠠᠨ ᠪᠠᠶᠢᠪᠠᠯ᠃ | ︵ᠲᠦᠷᠪᠡ︶ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠤᠯᠤᠰ ᠤᠨ ᠲᠣᠭᠲᠠᠭᠠᠭᠰᠠᠨ ᠠᠵᠢᠯ ᠠᠴᠠ ᠪᠠᠨ | ᠪᠠᠭᠤᠵᠤ ᠠᠮᠠᠷᠠᠬᠤ ᠨᠠᠰᠤᠨ ᠳᠤ ᠬᠦᠷᠦᠭᠰᠡᠨ ᠪᠤᠶᠤ ᠨᠢᠭᠡᠨᠲᠡ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ | ᠬᠠᠷᠠᠭᠠᠯᠵᠠᠯ ᠢ ᠬᠦᠷᠲᠡᠭᠰᠡᠨ᠃ | ︵ᠳᠠᠪᠤ︶ ᠴᠡᠷᠢᠭ ᠬᠦᠮᠦᠨ ᠴᠡᠷᠢᠭ ᠤᠨ ᠠᠯᠪᠠ ᠠᠴᠠ ᠪᠠᠭᠤᠵᠦ ︵ᠦᠬᠡᠷᠡᠴᠢᠯᠡᠯᠳᠡ ᠶᠢᠨ ᠬᠤᠭᠤᠴᠠᠭᠠᠨ ᠳᠤ | ᠠᠯᠪᠠᠨ ᠳᠤ ᠪᠠᠶᠢᠭ᠎ᠠ ᠺᠠᠳ᠋ᠷ ᠢ ᠪᠢᠴᠢᠭ ᠤᠨ ᠲᠤᠰᠢᠶᠠᠯᠲᠠᠨ ᠪᠤᠯᠭᠠᠨ ᠴᠡᠷᠢᠭ ᠠᠩᠬᠢ ᠠᠴᠠ ᠰᠠᠯᠵᠦ ᠠᠵᠢᠯᠯᠠᠭᠰᠠᠨ ᠪᠤᠯ︶ | ᠡᠰᠡᠬᠦᠯ᠎ᠡ ᠤᠯᠠᠭᠠᠨᠴᠠᠪ ᠬᠤᠲᠠ ᠠᠴᠠ ᠰᠢᠯᠵᠢᠭᠰᠡᠨ | ︵ᠵᠢᠷᠭᠤᠭ᠎ᠠ︶ ᠠᠵᠢᠯ ᠣᠯᠤᠭ᠎ᠠ ᠦᠭᠡᠢ ᠠᠮᠢᠳᠤᠷᠠᠯ ᠤᠨ ᠨᠥᠬᠦᠪᠥᠷᠢ ᠠᠪᠬᠤ ᠨᠥᠬᠦᠴᠡᠯ ᠳᠤ ᠨᠡᠶᠢᠴᠡᠬᠦ ᠦᠭᠡᠢ | ᠪᠣᠯ᠃ | ᠲᠠᠪᠤᠳᠤᠭᠠᠷ ᠪᠦᠯᠦᠭ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ | ᠠᠷᠪᠠᠨ ᠲᠠᠪᠤᠳᠤᠭᠠᠷ ᠵᠦᠢᠯ ᠠᠮᠢᠳᠤᠷᠠᠯ ᠤᠨ ᠨᠥᠬᠦᠪᠥᠷᠢ ᠣᠯᠭᠤᠬᠤ ᠳᠤ ᠮᠡᠳᠡᠭᠡ ᠵᠠᠩᠭᠢ ᠶᠢ ᠢᠯᠡ ᠪᠣᠯᠭᠠᠬᠤ | ᠂ ᠶᠠᠪᠤᠴᠠ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠶᠢ ᠭᠦᠢᠴᠡᠳᠬᠡᠵᠦ᠂ ᠨᠡᠶᠢᠭᠡᠮ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ ᠴᠡᠷᠢᠭ ᠠᠩᠭᠢ ᠪᠠ | ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠬᠢᠨᠠᠯᠲᠠ ᠲᠠᠯᠪᠢᠵᠤ ᠭᠤᠶᠤᠴᠢᠯᠠᠬᠤ᠂ ᠢᠯᠡ ᠨᠡᠶᠢᠲᠡᠯᠡᠬᠦ᠂ ᠣᠯᠭᠤᠬᠤ ᠪᠦᠬᠦ ᠶᠠᠪᠤᠴᠠ ᠳᠤ ᠬᠢᠨᠠᠯᠲᠠ | ᠲᠠᠯᠪᠢᠬᠤ ᠶᠢᠨ ᠬᠠᠮᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠣᠯᠤᠨ ᠵᠠᠬᠢᠳᠠᠯ ᠤᠨ ᠬᠠᠶᠢᠷᠴᠠᠭ ᠢ | ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠤᠯᠠᠭᠠᠨᠴᠠᠪ ᠤᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ | ᠲᠥᠷᠥ ᠶᠢᠨ ᠠᠵᠢᠯ ᠤᠨ ᠭᠠᠵᠠᠷ ᠨᠢ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ | ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ᠂ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ ᠳᠣᠲᠣᠭᠠᠳᠤ ᠶᠢᠨ ᠡᠳ᠋ ᠤᠨ | ᠶᠠᠪᠤᠳᠠᠯ ᠤᠨ ᠬᠠᠮᠢᠶᠠᠷᠤᠯᠲᠠ ᠪᠠ ᠬᠢᠨᠠᠨ ᠪᠣᠳᠣᠯᠲᠠ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠠᠮᠢᠳᠤᠷᠠᠯ ᠤᠨ | ᠨᠥᠬᠦᠪᠥᠷᠢ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠰᠠᠭᠤᠭ᠎ᠠ ᠴᠡᠷᠢᠭ ᠠᠩᠭᠢ᠂ ᠬᠥᠮᠦᠨ ᠬᠡᠷᠡᠭᠯᠡᠬᠦ ᠨᠢᠭᠡᠴᠡ᠂ ᠬᠤᠪᠢ ᠬᠥᠮᠦᠨ | ᠵᠢᠴᠢ ᠪᠤᠰᠤᠳ ᠠᠵᠢᠯᠲᠠᠳ ᠭᠡᠷᠡᠴᠢᠯᠡᠬᠦ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠵᠤ ᠪᠡᠯᠡ ᠮᠥᠩᠭᠦ ᠶᠢ ᠮᠡᠬᠡᠯᠡᠨ | ᠠᠪᠤᠭᠰᠠᠨ ᠢ ᠣᠯᠵᠤ ᠮᠡᠳᠡᠪᠡᠯ᠂ ᠠᠮᠢᠳᠤᠷᠠᠯ ᠤᠨ ᠨᠥᠬᠦᠪᠥᠷᠢ ᠣᠯᠭᠤᠬᠤ ᠶᠢ ᠨᠢ ᠳᠠᠷᠤᠶ ᠲᠦᠷᠭᠡᠨ ᠵᠣᠭᠰᠣᠭᠠᠵᠤ᠂ | ᠲᠣᠭᠲᠠᠭᠠᠯ ᠠᠴᠠ ᠵᠥᠷᠢᠴᠡᠨ ᠪᠡᠯᠡ ᠮᠥᠩᠭᠦ ᠠᠪᠴᠤ ᠪᠤᠴᠠᠭᠠᠨ ᠠᠪᠴᠤ᠂ ᠬᠤᠪᠢ ᠬᠥᠮᠦᠨ ᠤ ᠠᠮᠢᠳᠤᠷᠠᠯ ᠤᠨ | ᠨᠥᠬᠦᠪᠥᠷᠢ ᠬᠦᠷᠲᠡᠬᠦ ᠣᠯᠭᠤᠮᠵᠢ ᠶᠢ ᠬᠦᠴᠦᠨ ᠦᠭᠡᠶ ᠪᠣᠯᠭᠠᠵᠤ᠂ ᠰᠢᠭᠤᠳ ᠬᠠᠷᠢᠭᠤᠴᠠᠯᠭ᠎ᠠ ᠡᠭᠦᠷᠭᠡᠯᠡᠵᠦ ᠪᠦᠬᠦᠢ | ᠬᠥᠮᠦᠰ ᠲᠤ ᠬᠠᠤᠯᠢ ᠶᠣᠰᠣᠭᠠᠷ ᠰᠢᠳᠬᠡᠯ ᠥᠭᠬᠦ ᠬᠡᠷᠡᠭᠲᠡᠶ᠃ ᠬᠢᠨᠠᠭᠠᠳ ᠴᠢᠩᠭ᠎ᠠ ᠪᠤᠰᠤ᠂ ᠲᠣᠭᠲᠠᠭᠠᠯ ᠠᠴᠠ | ᠵᠥᠷᠢᠴᠡᠨ ᠠᠵᠢᠯᠯᠠᠵᠤ ᠪᠠᠶᠢᠬᠤ ᠶᠢ ᠣᠯᠵᠤ ᠮᠡᠳᠡᠪᠡᠯ᠂ ᠨᠢᠭᠡᠴᠡ ᠶᠢᠨ ᠭᠤᠤᠯᠴᠢᠯᠠᠨ ᠬᠠᠮᠢᠶᠠᠷᠬᠤ ᠬᠥᠮᠦᠰ ᠪᠣᠯᠤᠨ | ᠭᠠᠷᠲᠠᠨ ᠭᠦᠢᠴᠡᠳᠬᠡᠬᠦ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠠᠵᠢᠯ ᠣᠯᠣᠭᠠᠳᠤᠢ ᠴᠡᠷᠢᠭ ᠤᠨ ᠭᠡᠷ ᠪᠦᠯᠢ ᠶᠢᠨ ᠬᠢᠨ ᠤ ᠠᠮᠢᠳᠤᠷᠠᠯ ᠤᠨ | ᠨᠥᠬᠦᠪᠦᠷᠢ ᠶᠢ ᠲᠠᠷᠬᠠᠭᠠᠬᠤ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ ᠬᠡᠷᠡᠭᠵᠢᠭᠦᠯᠵᠦ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠰᠠᠭᠤᠭ᠎ᠠ ᠴᠡᠷᠢᠭ ᠠᠩᠭᠢ ᠶᠢᠨ ᠨᠢᠭᠡᠴᠢ ᠠᠵᠢᠯ ᠣᠯᠣᠭᠠᠳᠤᠢ | ᠴᠡᠷᠢᠭ ᠤᠨ ᠭᠡᠷ ᠪᠦᠯᠢ ᠶᠢᠨ ᠬᠢᠨ ᠳᠤ ᠠᠮᠢᠳᠤᠷᠠᠯ ᠤᠨ ᠨᠥᠬᠦᠪᠦᠷᠢ ᠥᠭᠬᠦ ᠳᠤ ᠲᠣᠰ ᠨᠠᠷᠢᠨ ᠳᠦᠷᠢᠮ ᠢᠶᠠᠷ ᠯᠠᠪᠯᠠᠯᠲᠠ | ᠪᠣᠯᠭᠠᠨ ᠬᠡᠷᠡᠭᠵᠢᠭᠦᠯᠵᠦ᠂ ᠬᠡᠷᠡᠭᠰᠡᠬᠦ ᠪᠡᠯᠡ ᠮᠥᠩᠭᠦ ᠶᠢ ᠣᠷᠣᠨ ᠨᠤᠲᠤᠭ ᠤᠨ ᠡᠳ᠋ ᠤᠨ ᠵᠠᠰᠠᠭ ᠠᠴᠠ ᠬᠠᠷᠢᠭᠤᠴᠠᠨ | ᠲᠣᠬᠢᠷᠠᠭᠤᠯᠤᠨ᠎ᠠ᠃ | ᠠᠷᠪᠠ ᠶᠢᠰᠦᠳᠦᠭᠡᠷ ᠵᠦᠢᠯ ᠲᠤᠰ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠤᠭᠰᠠᠨ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠤᠤᠯ ᠤᠨ ︽︿ᠤᠯᠠᠭᠠᠨᠴᠠᠪ ᠬᠤᠲᠠ ᠶᠢᠨ ᠬᠤᠲᠠ ᠳᠤ ᠰᠠᠭᠤᠭ᠎ᠠ ᠴᠡᠷᠢᠭ | ᠠᠩᠭᠢ ᠶᠢᠨ ᠠᠵᠢᠯ ᠣᠯᠣᠭᠠᠳᠤᠢ ᠴᠡᠷᠢᠭ ᠢ ᠳᠠᠭᠠᠭᠰᠠᠨ ᠭᠡᠷ ᠪᠦᠯᠢ ᠶᠢᠨ ᠠᠮᠢᠳᠤᠷᠠᠯ ᠤᠨ ᠨᠥᠬᠦᠪᠦᠷᠢ ᠣᠯᠭᠤᠬᠤ | ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ | ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ | ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ︹2015︺ 79 ᠳ᠋ᠦ᠋ᠭᠡᠷ ᠲᠣᠭᠠᠲᠤ︶ ᠢ ᠬᠠᠮᠲᠤ ᠳᠤᠨᠢ ᠬᠦᠴᠦᠨ | ᠦᠭᠡᠢ ᠪᠣᠯᠭᠠᠨ᠎ᠠ᠃ |