ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠦᠷᠭᠦᠯᠵᠢᠯᠡᠨ ᠠᠬᠢᠭᠤᠯᠬᠤ ᠶᠢᠨ ᠲᠥᠯᠥᠭᠡ᠂ 2023 ᠣᠨ ᠤ 11 ᠰᠠᠷ᠎ᠠ ᠶᠢᠨ 6 ᠤ ᠡᠳᠦᠷ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠬᠥᠳᠡᠭᠡ ᠲᠣᠰᠬᠤᠨ ᠤ ᠨᠤᠷᠠᠬᠤ ᠠᠶᠤᠯᠲᠠᠶ | ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠤᠨ ᠬᠠᠷᠠᠭᠠᠨ ᠳᠠᠪᠲᠠᠮᠵᠢ ᠶᠢᠨ ᠲᠣᠬᠢᠷᠠᠭᠤᠯᠤᠯᠲᠠ ᠶᠢᠨ | ᠬᠤᠷᠠᠯ ᠤᠨ ᠲᠣᠪᠴᠢ ᠲᠡᠮᠳᠡᠭᠯᠡᠯ︾᠂ ︽ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ 2024 ᠣᠨ ᠤ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠡᠲᠡᠭᠡᠳ ᠢ ᠵᠢᠭᠰᠠᠭᠠᠨ ᠪᠠᠶᠢᠴᠠᠭᠠᠬᠤ ᠲᠤᠬᠠᠶ ᠮᠡᠳᠡᠭᠳᠡᠯ︾ ︵ᠤᠯᠠᠭᠠᠨᠴᠠᠪ | ᠲᠣᠰᠬᠤᠨ ﹇2020﹈ 9 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ | ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠪᠠ ᠠᠶᠤᠯ ᠲᠦᠭᠰᠢᠭᠦᠷᠢ ᠶᠢ | ᠰᠡᠷᠭᠡᠶᠢᠯᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ᠂ | ᠦᠷᠭᠦᠯᠵᠢᠯᠡᠬᠦ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠳᠣᠭᠢᠷᠠᠭᠤᠯᠤᠨ ᠰᠢᠯᠢᠳᠡᠭᠵᠢᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ | ᠬᠤᠶᠠᠷ᠂ ᠬᠠᠷᠠᠯᠲᠠ ᠶᠢᠨ ᠡᠭᠦᠷᠭᠡ | 2024 ᠣᠨ ᠳᠤ ᠵᠢᠷᠭᠤᠳᠤᠭᠠᠷ ᠲᠥᠷᠥᠯ ᠤᠨ ᠭᠤᠤᠯᠳᠠᠯᠭ᠎ᠠ ᠲᠠᠢ ᠡᠲᠡᠭᠡᠳ ᠬᠥᠳᠡᠭᠡ ᠲᠣᠰᠬᠤᠨ ᠤ 82 | ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠲᠠᠢ᠂ ᠡᠭᠦᠨ ᠳᠤ ᠬᠤᠩ ᠮᠤᠤ | ᠪᠠᠯᠭᠠᠰᠤ 16᠂ ᠲᠠᠭ᠎ᠠ ᠶᠢᠨ ᠨᠠᠭᠤᠷ ᠪᠠᠯᠭᠠᠰᠤ 4᠂ ᠮᠠᠶᠢᠬᠠᠨᠳᠤ ᠪᠠᠯᠭᠠᠰᠤ 4᠂ ᠶᠦᠩ ᠰᠢᠩ ᠪᠠᠯᠭᠠᠰᠤ 2᠂ | ᠵᠢᠷᠭᠤᠳᠤᠭᠠᠷ ᠰᠤᠮᠤ ᠪᠠᠯᠭᠠᠰᠤ 6᠂ ᠮᠠᠩᠬᠠᠨ ᠪᠠᠯᠭᠠᠰᠤ 19᠂ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ 7᠂ | ᠲᠢᠶᠠᠨ ᠴᠧᠩ ᠰᠢᠶᠠᠩ 24 ᠪᠣᠶ᠃ ᠬᠥᠳᠡᠯᠦᠩᠭᠦᠶ ᠪᠠᠷ ᠰᠢᠨ᠎ᠡ ᠪᠠᠷ ᠨᠡᠮᠡᠭᠳᠡᠭᠰᠡᠨ ︽ᠵᠢᠷᠭᠤᠭᠠᠨ ᠲᠥᠷᠥᠯ ᠤᠨ | ᠭᠤᠤᠯᠳᠠᠯᠭ᠎ᠠ ᠲᠠᠢ ᠡᠲᠡᠭᠡᠳ︾ ᠤᠨ ᠨᠤᠷᠠᠬᠤ ᠠᠶᠤᠯᠲᠠᠶ ᠬᠡᠷ ᠪᠠᠶᠢᠰᠢᠩ ᠨᠢ ︽ᠨᠤᠷᠠᠬᠤ ᠠᠶᠤᠯᠲᠠᠶ ᠬᠡᠷ | ᠪᠠᠶᠢᠰᠢᠩ ᠳᠤ ᠬᠥᠮᠦᠨ ᠰᠠᠭᠤᠬᠤ ᠥᠬᠡᠶ᠂ ᠨᠤᠷᠠᠬᠤ ᠠᠶᠤᠯᠲᠠᠶ ᠬᠡᠷ ᠪᠠᠶᠢᠰᠢᠩ ᠥᠬᠡᠶ ᠪᠠᠶᠢᠬᠤ︾ ᠶᠢ ᠦᠨᠡᠨᠬᠦ | ᠪᠡᠶᠡᠯᠡᠭᠦᠯᠦᠨ᠎ᠡ᠃ | ᠭᠤᠷᠪᠠ᠂ ᠬᠡᠷᠡᠭᠵᠢᠭᠦᠯᠬᠦ ᠱᠠᠭᠠᠷᠳᠠᠯᠭ᠎ᠠ | ︵ᠨᠢᠭᠡ︶ ᠬᠠᠷᠢᠭᠤᠴᠠᠯᠭ᠎ᠠ ᠶᠢᠨ ᠭᠤᠣᠯ ᠴᠣᠭᠴᠠ | ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠳᠤ ᠰᠢᠶᠠᠨ ᠤ ᠵᠠᠰᠠᠭ ᠤᠨ | ᠣᠷᠳᠣᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ᠂ ᠰᠢᠶᠠᠩ ᠪᠠᠯᠭᠠᠰᠤ ᠰᠢᠭᠤᠳ ᠬᠠᠷᠢᠭᠤᠴᠠᠯᠭ᠎ᠠ | ᠡᠭᠦᠷᠭᠡᠯᠡᠬᠦ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠲᠡᠭᠡᠳ ᠢ ᠬᠢᠨᠠᠨ ᠵᠥᠪᠰᠢᠶᠡᠷᠡᠬᠦ᠂ ᠡᠭᠦᠷᠭᠡ ᠶᠢ ᠵᠠᠳᠠᠯᠬᠤ᠂ ᠪᠡᠯᠡ | ᠮᠥᠩᠭᠦ ᠰᠠᠯᠭᠠᠨ ᠥᠭᠬᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ᠂ ᠶᠠᠰᠤ ᠴᠢᠨᠠᠷ ᠢ ᠬᠢᠨᠠᠨ ᠬᠠᠮᠢᠶᠠᠷᠬᠤ᠂ ᠰᠢᠯᠭᠠᠨ | ᠠᠪᠴᠤ ᠳᠠᠩᠰᠠᠯᠠᠬᠤ ᠭᠤᠤᠯ ᠬᠠᠷᠢᠭᠤᠴᠠᠯᠭ᠎ᠠ ᠶᠢ ᠡᠭᠦᠷᠭᠡᠯᠡᠨ᠎ᠡ︔ ᠰᠢᠶᠠᠩ ᠪᠠᠯᠭᠠᠰᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠲᠡᠭᠡᠳ ᠢ ᠬᠢᠨᠠᠨ ᠬᠠᠷᠭᠤᠭᠤᠯᠬᠤ᠂ ᠡᠭᠦᠷᠭᠡ ᠶᠢ | ᠨᠠᠶᠢᠳᠠᠪᠤᠷᠢᠵᠢᠭᠤᠯᠬᠤ᠂ ᠲᠣᠭᠤᠷᠢᠨ ᠪᠠᠶᠢᠴᠠᠭᠠᠵᠤ ᠵᠢᠭᠠᠨ ᠵᠢᠯᠣᠭᠤᠳᠬᠤ᠂ ᠶᠠᠰᠤ ᠴᠢᠨᠠᠷ ᠢ ᠬᠢᠨᠠᠨ ᠬᠠᠮᠢᠶᠠᠷᠬᠤ᠂ | ᠪᠠᠷᠢᠯᠭ᠎ᠠ ᠳᠤ ᠬᠢᠨᠠᠯᠲᠠ ᠲᠠᠯᠪᠢᠬᠤ᠂ ᠲᠤᠭ᠎ᠠ ᠪᠠᠷᠢᠮᠲᠠ ᠶᠢ ᠰᠦᠯᠵᠢᠶ᠎ᠡ ᠪᠠᠷ ᠲᠡᠮᠳᠡᠭᠯᠡᠬᠦ᠂ ᠲᠠᠩᠰᠠ ᠡᠪᠬᠡᠮᠡᠯ | ᠪᠠᠶᠢᠭᠤᠯᠬᠤ᠂ ᠪᠠᠯᠠ ᠮᠥᠩᠭᠦ ᠶᠢ ᠰᠠᠯᠭᠠᠨ ᠥᠭᠬᠦ ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ︔ ᠲᠣᠰᠬᠤᠨ ᠤ | ᠠᠷᠠᠳ ᠤᠨ ᠵᠥᠪᠯᠡᠯ ᠡᠲᠡᠭᠡᠳ ᠦᠨᠡᠯᠡᠨ ᠶᠠᠷᠢᠯᠴᠠᠬᠤ᠂ ᠡᠭᠦᠷᠭᠡ ᠮᠡᠳᠡᠭᠦᠯᠬᠦ᠂ ᠡᠲᠡᠭᠡᠳ ᠢ ᠬᠠᠮᠢᠶᠠᠷᠬᠤ᠂ ᠵᠠᠷᠯᠠᠨ | ᠨᠡᠶᠢᠲᠡᠯᠡᠬᠦ ᠵᠡᠷᠭᠡ ᠪᠣᠳᠠᠲᠠᠶ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠪᠠᠲᠤᠯᠠᠬᠤ ᠡᠲᠡᠭᠡᠳ | ᠬᠥᠳᠡᠭᠡ ᠲᠣᠰᠬᠤᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠡᠲᠡᠭᠡᠳ ᠲᠤ | ᠭᠤᠣᠯᠳᠠᠭᠤ ᠨᠤᠷᠠᠬᠤ ᠠᠶᠤᠯᠲᠠᠶ ᠭᠡᠷ ᠪᠠᠶᠢᠰᠢᠩ ᠳᠤ ᠰᠠᠭᠤᠵᠤ ᠪᠠᠶᠢᠭ᠎ᠠ ᠬᠥᠳᠡᠭᠡ ᠲᠣᠰᠬᠤᠨ ᠤ ᠪᠠᠶᠢᠩᠭᠤ ᠰᠠᠭᠤᠭ᠎ᠠ | ᠡᠷᠦᠬᠡ ᠪᠠᠭᠲᠠᠨ᠎ᠠ᠄ 1. ᠵᠢᠷᠭᠤᠭᠠᠨ ᠲᠥᠷᠥᠯ ᠤᠨ ᠭᠤᠣᠯᠳᠠᠯᠭ᠎ᠠ ᠲᠠᠢ ᠡᠲᠡᠭᠡᠳ ᠪᠠᠭᠲᠠᠨ᠎ᠠ᠃ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭᠠᠲᠤ ᠡᠷᠦᠬᠡ᠂ ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ | ᠡᠷᠦᠬᠡ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ᠂ | ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠬᠦᠷᠲᠡᠭᠰᠡᠨ ᠥᠬᠡᠶ ᠮᠥᠷᠲᠡᠭᠡᠨ ᠲᠣᠰ ᠪᠡᠶ᠎ᠡ ᠶᠢᠨ ᠬᠦᠴᠦᠨ ᠳᠤ ᠲᠦᠰᠢᠭᠯᠡᠨ ᠣᠷᠣᠨ ᠰᠠᠭᠤᠴᠠ ᠶᠢᠨ ᠠᠮᠤᠷ | ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠠᠷᠭ᠎ᠠ ᠥᠬᠡᠶ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ᠂ | ᠡᠪᠡᠳᠴᠢᠨ ᠪᠠ ᠭᠠᠮᠰᠢᠭ ᠠᠴᠠ ᠪᠣᠯᠵᠣ ᠰᠠᠨᠠᠭᠠᠨ ᠳᠤ ᠥᠬᠡᠶ ᠠᠳᠡᠯ ᠵᠡᠷᠭᠡ ᠵᠠᠶᠢᠯᠠᠰᠢ ᠥᠬᠡᠶ ᠵᠠᠷᠤᠯᠭ᠎ᠠ ᠪᠠᠷ ᠨᠡᠯᠢᠶᠡᠳ | ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠳᠤ | ᠬᠦᠴᠢᠷᠳᠡᠯ ᠲᠠᠢ ᠡᠷᠦᠬᠡ ᠢᠯᠡᠷᠡᠭᠰᠡᠨ ᠪᠠᠶᠢᠨ᠎ᠠ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠵᠠᠰᠠᠬᠤ ᠶᠢ ᠨᠢᠭᠡᠨᠲᠡ ᠬᠡᠷᠡᠭᠵᠢᠭᠦᠯᠦᠭᠰᠡᠨ ᠪᠣᠯᠪᠠᠴᠤ ᠵᠢᠵᠢᠭ ᠬᠡᠯᠪᠡᠷᠢ ᠶᠢᠨ ᠪᠠᠶᠢᠭᠠᠯᠢ ᠶᠢᠨ ᠭᠠᠮᠰᠢᠭ | ᠵᠡᠷᠭᠡ ᠰᠢᠯᠲᠠᠭᠠᠨ ᠠᠴᠠ ᠪᠣᠯᠵᠣ ᠪᠠᠰᠠ ᠨᠤᠷᠠᠬᠤ ᠠᠶᠤᠯᠲᠠᠶ ᠬᠡᠷ ᠪᠠᠶᠢᠰᠢᠩ ᠪᠣᠯᠵᠣ ᠬᠤᠪᠢᠷᠬᠠᠰᠠᠨ ᠪᠥᠭᠡᠳ | ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠲᠤ ᠨᠡᠶᠢᠴᠡᠬᠦ ᠲᠠᠷᠢᠶᠠᠴᠢᠨ ᠡᠷᠦᠬᠡ ᠳᠤ ᠰᠢᠶᠠᠩ | ᠪᠠᠯᠭᠠᠰᠤᠨ ᠤ ᠭᠡᠷᠡᠴᠢᠯᠡᠬᠦ ᠮᠠᠲ᠋ᠧᠷᠢᠶᠠᠯ ᠢ ᠰᠠᠶᠢᠲᠤᠷ ᠬᠢᠭᠰᠡᠨ ᠤ ᠳᠠᠷᠠᠭ᠎ᠠ ᠲᠡᠭᠦᠨ ᠢ 2024 ᠣᠨ ᠤ ᠨᠤᠷᠠᠬᠤ | ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠳᠡᠮᠵᠢᠬᠦ ᠬᠡᠪᠴᠢᠶᠡᠨ ᠳᠤ ᠳᠠᠬᠢᠨᠲᠠ ᠣᠷᠣᠭᠤᠯᠵᠤ ᠪᠣᠯᠤᠨ᠎ᠠ | ᠃ 2. ᠵᠢᠷᠭᠤᠭᠠᠨ ᠲᠥᠷᠥᠯ ᠤᠨ ᠪᠤᠰᠤ ᠭᠤᠤᠯᠳᠠᠯᠭ᠎ᠠ ᠲᠠᠢ ᠡᠲᠡᠭᠡᠳ᠃ ᠵᠢᠷᠭᠤᠳᠤᠭᠠᠷ ᠲᠥᠷᠥᠯ ᠤᠨ | ᠭᠤᠤᠯᠳᠠᠯᠭ᠎ᠠ ᠲᠠᠢ ᠡᠲᠡᠭᠡᠳ ᠠᠴᠠ ᠭᠠᠳᠠᠨᠠᠬᠢ ᠪᠠᠶᠢᠩᠭᠤ ᠰᠠᠭᠤᠭ᠎ᠠ ᠡᠷᠦᠬᠡ᠂ ᠭᠠᠳᠠᠭᠰᠢ ᠭᠠᠷᠴᠤ ᠨᠢᠭᠡ ᠵᠢᠯ ᠠᠴᠠ | ᠳᠡᠭᠡᠭᠰᠢ ᠨᠤᠲᠤᠭ ᠲᠤ ᠪᠠᠨ ᠪᠤᠴᠠᠭᠰᠠᠨ ᠲᠠᠷᠢᠶᠠᠴᠢᠨ ᠡᠷᠦᠬᠡ ᠪᠠ ᠨᠢᠭᠡᠨᠲᠡ ᠬᠥᠳᠡᠭᠡ ᠲᠣᠰᠬᠤᠨ ᠤ ᠨᠤᠷᠠᠬᠤ | ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠶᠢ ᠬᠦᠷᠲᠡᠭᠰᠡᠨ ᠪᠣᠯᠪᠠᠴᠤ ᠭᠡᠷ | ᠪᠠᠶᠢᠰᠢᠩ ᠨᠢ C᠂ D ᠳᠡᠰ ᠢᠶᠠᠷ ᠰᠢᠨ᠎ᠡ ᠪᠠᠷ ᠬᠢᠨᠠᠨ ᠲᠣᠭᠲᠠᠭᠠᠭᠳᠠᠭᠰᠠᠨ ᠲᠠᠷᠢᠶᠠᠴᠢᠨ ᠡᠷᠦᠬᠡ ᠳᠤ ᠡᠳ᠋ ᠤᠨ | ᠵᠠᠰᠠᠭ ᠠᠴᠠ ᠠᠰᠠᠷᠠᠨ ᠲᠡᠵᠢᠭᠡᠬᠦ ᠡᠷᠦᠬᠡ ︵ᠬᠥᠳᠡᠭᠡ ᠲᠣᠰᠬᠤᠨ ᠤ ᠠᠵᠢᠯ ᠠᠴᠠ ᠪᠠᠨ ᠠᠮᠠᠷᠠᠭᠰᠠᠨ ᠪᠠᠭᠰᠢ᠂ ᠨᠠᠰᠤ | ᠨᠥᠭᠴᠢᠭᠰᠡᠳ ᠤᠨ ᠭᠡᠷ ᠪᠦᠯᠢ ᠶᠢᠨ ᠲᠠᠷᠢᠶᠠᠴᠢᠨ ᠡᠷᠦᠬᠡ︶᠂ ᠨᠡᠶᠢᠭᠡᠮ ᠤᠨ ᠪᠠᠲᠤᠯᠠᠭᠠᠲᠤ ᠡᠷᠦᠬᠡ ︵ᠥᠪᠡᠷ ᠢᠶᠠᠨ | ᠪᠡᠯᠡ ᠮᠥᠩᠭᠦ ᠴᠤᠭᠯᠠᠭᠤᠯᠬᠤ ᠪᠠᠷ ᠳᠠᠮᠵᠢᠭᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ | ᠠᠷᠠᠳ ᠠᠴᠠ ᠡᠷᠬᠢᠯᠡᠭᠰᠡᠨ ᠪᠠᠭᠰᠢ ᠪᠠᠷ ᠯᠠᠪᠯᠠᠯᠲᠠ ᠪᠣᠯᠭᠠᠵᠤ ᠮᠠᠯᠴᠢᠨ ᠲᠠᠷᠢᠶᠠᠴᠢᠨ ᠡᠷᠦᠬᠡ︶᠂ ᠪᠤᠰᠤᠳ ᠡᠩ ᠤᠨ | ᠡᠷᠦᠬᠡ ︵ᠥᠪᠡᠷ ᠢᠶᠠᠨ ᠪᠡᠯᠡ ᠮᠥᠩᠭᠦ ᠴᠤᠭᠯᠠᠭᠤᠯᠬᠤ ᠪᠠ ᠬᠦᠴᠦ ᠬᠥᠳᠡᠯᠮᠦᠷᠢ ᠣᠷᠣᠭᠤᠯᠬᠤ ᠴᠢᠳᠠᠪᠤᠷᠢ ᠪᠠᠷ | ᠪᠠᠭᠤᠷᠠᠢ ᠣᠨᠴᠠᠭᠠᠶ ᠬᠦᠴᠢᠷᠳᠡᠯᠲᠡᠢ ᠲᠠᠷᠢᠶᠠᠴᠢᠨ ᠡᠷᠦᠬᠡ︶ ᠵᠡᠷᠭᠡ ᠶᠢ ᠪᠠᠭᠲᠠᠭᠠᠨ᠎ᠠ᠃ | ᠪᠠᠲᠤᠯᠠᠬᠤ ᠡᠲᠡᠭᠡᠳ ᠢ ᠮᠠᠭᠠᠳᠯᠠᠨ ᠲᠣᠭᠲᠠᠭᠠᠬᠤ᠄ 1. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠ | ᠬᠠᠷᠢᠶ᠎ᠠ ᠰᠢᠶᠠᠩ ᠪᠠᠯᠭᠠᠰᠤ ᠠᠴᠠ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠡᠷᠦᠬᠡ᠂ ᠬᠥᠳᠡᠭᠡ ᠲᠣᠰᠬᠤᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠬᠦ ᠣᠨᠴᠠ ᠬᠦᠴᠢᠷᠳᠡᠯᠲᠡᠶ ᠡᠷᠦᠬᠡ᠂ ᠬᠥᠳᠡᠭᠡ | ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠡᠷᠦᠬᠡ ᠶᠢ ᠮᠠᠭᠠᠳᠯᠠᠨ | ᠲᠣᠭᠲᠠᠭᠠᠬᠤ ᠶᠢ ᠬᠠᠷᠢᠭᠤᠴᠠᠨ᠎ᠠ︔ 2. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ | ᠮᠥᠴᠢᠷ ᠤᠳ ᠡᠮ ᠡᠮᠨᠡᠯᠭᠡ ᠶᠢᠨ ᠳᠠᠭᠠᠳᠬᠠᠯ᠂ ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠣᠯᠤᠨ ᠬᠠᠷᠢᠶ᠎ᠠ ᠰᠢᠶᠠᠩ ᠪᠠᠯᠭᠠᠰᠤ ᠲᠠᠢ ᠬᠠᠮᠲᠤᠷᠠᠨ ᠡᠪᠡᠳᠴᠢᠨ ᠠᠴᠠ ᠪᠤᠯᠵᠤ ᠭᠠᠮᠰᠢᠭ ᠠᠴᠠ ᠪᠤᠯᠵᠤ ᠰᠠᠨᠠᠭᠠᠨ ᠳᠤ | ᠦᠭᠡᠢ ᠠᠳᠡᠯ ᠭᠠᠷᠤᠭᠰᠠᠨ ᠵᠡᠷᠭᠡ ᠵᠠᠶᠢᠯᠠᠰᠢ ᠦᠭᠡᠢ ᠵᠠᠷᠤᠯᠭ᠎ᠠ ᠪᠠᠷ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ | ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠲᠠᠢ ᠡᠷᠦᠬᠡ ᠶᠢ ᠮᠠᠭᠠᠳᠯᠠᠨ | ᠲᠣᠭᠲᠠᠭᠠᠨ᠎ᠠ᠃ | ︵ᠭᠤᠷᠪᠠ︶ ᠦᠭᠡᠷᠡᠴᠢᠯᠡᠬᠦ ᠠᠷᠭ᠎ᠠ ᠮᠠᠶ᠋ᠢᠭ | ᠭᠡᠷ ᠪᠠᠶᠢᠰᠢᠩ ᠤᠨ ᠠᠶᠤᠯ ᠤᠨ ᠬᠡᠮᠵᠢᠶ᠎ᠡ ᠶᠣᠰᠣᠭᠠᠷ᠂ ᠣᠯᠠᠨ ᠲᠦᠮᠡᠨ ᠤ ᠰᠠᠨᠠᠯ ᠢ ᠭᠦᠢᠴᠡᠳ ᠬᠦᠨᠳᠦᠳᠬᠡᠭᠰᠡᠨ | ᠤᠷᠢᠲᠠᠯ ᠳᠣᠤᠷ᠎ᠠ᠂ ᠰᠢᠨ᠎ᠡ ᠪᠠᠷ ᠪᠠᠶᠢᠭᠤᠯᠬᠤ᠂ ᠰᠡᠯᠪᠢᠨ ᠵᠠᠰᠠᠬᠤ᠂ ᠰᠣᠯᠢᠬᠤ ᠵᠡᠷᠭᠡ ᠥᠭᠡᠷᠡᠴᠢᠯᠡᠬᠦ ᠠᠷᠭ᠎ᠠ ᠮᠠᠶ᠋ᠢᠭ ᠢ | ᠠᠪᠬᠤ ᠬᠡᠷᠡᠭᠲᠡᠶ᠃ | ᠰᠢᠨ᠎ᠡ ᠪᠠᠷ ᠪᠠᠶᠢᠭᠤᠯᠬᠤ᠄ ᠣᠳᠣ ᠶᠢᠨ ᠪᠠᠶᠢᠭ᠎ᠠ ᠣᠷᠣᠨ ᠰᠠᠭᠤᠴᠠ ᠳᠤ ᠠᠮᠤᠷ ᠲᠦᠪᠰᠢᠨ ᠤ ᠳᠠᠯᠳᠠ ᠭᠡᠮ | ᠣᠷᠣᠰᠢᠵᠤ ᠪᠠᠶᠢᠬᠤ ᠶᠢ ᠣᠷᠣᠰᠢᠨ ᠰᠠᠭᠤᠵᠤ ᠪᠣᠯᠬᠤ ᠦᠭᠡᠢ᠂ D ᠳᠡᠰ ᠤᠨ ᠨᠤᠷᠠᠬᠤ ᠠᠶᠤᠯᠲᠠᠢ ᠭᠡᠷ | ᠪᠠᠶᠢᠰᠢᠩ ᠢᠶᠠᠷ ᠬᠢᠨᠠᠨ ᠲᠣᠭᠲᠠᠭᠠᠭᠰᠠᠨ︔ C ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ︵ᠰᠢᠪᠠᠷ ᠪᠠᠶᠢᠰᠢᠩ | ᠪᠠᠶᠢᠰᠢᠩ᠂ ᠰᠢᠷᠣᠢ ᠮᠣᠳᠣᠨ ᠤ ᠪᠦᠲᠦᠴᠡ︶ ᠵᠢᠴᠢ ᠰᠡᠯᠪᠢᠨ ᠵᠠᠰᠠᠬᠤ ᠦᠨ᠎ᠡ ᠥᠷᠲᠡᠭ ᠦᠭᠡᠢ ᠪᠠᠶᠢᠪᠠᠯ᠂ | ᠰᠢᠨ᠎ᠡ ᠪᠠᠷ ᠪᠠᠶᠢᠭᠤᠯᠬᠤ ᠠᠷᠭ᠎ᠠ ᠮᠠᠶ᠋ᠢᠭ ᠢ ᠠᠪᠴᠤ ᠥᠭᠡᠷᠡᠴᠢᠯᠡᠨ ᠰᠢᠨᠡᠳᠬᠡᠬᠦ ᠶᠢᠨ ᠬᠠᠮᠲᠤ᠂ ᠣᠳᠣ ᠶᠢᠨ ᠪᠠᠶᠢᠭ᠎ᠠ | ᠨᠤᠷᠠᠬᠤ ᠠᠶᠤᠯᠲᠠᠢ ᠭᠡᠷ ᠪᠠᠶᠢᠰᠢᠩ ᠢ ᠨᠤᠷᠠᠭᠠᠬᠤ ᠬᠡᠷᠡᠭᠲᠡᠢ᠃ | ᠰᠡᠯᠪᠢᠨ ᠵᠠᠰᠠᠬᠤ᠄ ᠤᠤᠯ ᠤᠨ ᠬᠡᠷ ᠪᠠᠶᠢᠰᠢᠩ ᠤᠨ ᠭᠤᠤᠯ ᠲᠤᠨᠤᠭᠯᠠᠭᠠᠰᠤ᠂ ᠬᠡᠷᠡᠮ᠂ ᠰᠠᠭᠤᠷᠢ ᠬᠡᠰᠡᠭ | ᠡᠪᠳᠡᠷᠡᠵᠦ ᠰᠦᠢᠳᠦᠭᠰᠡᠨ᠂ ᠳᠡᠳ᠋ ᠲᠤᠨᠤᠭᠯᠠᠭᠠᠰᠤ ᠶᠢᠨ ᠪᠦᠬᠦᠯᠢ ᠴᠣᠭᠴᠠ ᠨᠢ ᠡᠪᠳᠡᠭᠳᠡᠵᠦ᠂ ᠰᠢᠯᠭᠠᠨ ᠬᠢᠨᠠᠯᠲᠠ | ᠬᠢᠬᠦ ᠪᠠᠷ ᠳᠠᠮᠵᠢᠨ C ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢᠶᠠᠷ ᠲᠣᠭᠲᠠᠭᠠᠭᠰᠠᠨ ᠪᠠᠶᠢᠪᠠᠯ᠂ ᠰᠡᠯᠪᠢᠨ | ᠵᠠᠰᠠᠵᠤ ᠪᠠᠬᠢᠵᠢᠭᠦᠯᠬᠦ ᠠᠷᠭ᠎ᠠ ᠮᠠᠶ᠋ᠢᠭ ᠢ ︽ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠪᠠᠬᠢᠵᠢᠭᠦᠯᠬᠦ ᠮᠡᠷᠭᠡᠵᠢᠯ ᠤᠨ ᠵᠢᠯᠣᠭᠤᠳᠬᠤ ᠳᠦᠷᠢᠮ︾ ᠤᠨ ᠶᠣᠰᠣᠭᠠᠷ ᠬᠡᠷᠡᠭᠵᠢᠭᠦᠯᠦᠨ᠎ᠡ᠃ ᠰᠡᠯᠪᠢᠨ | ᠵᠠᠰᠠᠵᠤ ᠪᠠᠬᠢᠵᠢᠭᠦᠯᠬᠦ ᠳᠤ ᠡᠷᠬᠡᠪᠰᠢ ᠭᠡᠷ ᠪᠠᠶᠢᠰᠢᠩ ᠤᠨ ᠠᠶᠤᠯ ᠲᠠᠢ ᠬᠡᠰᠡᠭ ᠢ ᠪᠦᠬᠦᠨ ᠢ ᠪᠠᠬᠢᠯᠡᠬᠦ ᠪᠤᠶᠤ ᠰᠣᠯᠢᠵᠤ᠂ | ᠨᠢᠭᠡ ᠯᠡ ᠤᠳᠠᠭ᠎ᠠ ᠳᠤ ᠥᠭᠡᠷᠡᠴᠢᠯᠡᠨ ᠰᠠᠶᠢᠵᠢᠷᠠᠭᠤᠯᠵᠤ᠂ ︽ᠭᠠᠳᠠᠷ ᠬᠡᠷᠡᠮ ᠳᠤ ᠲᠣᠭᠤᠰᠬ᠎ᠠ ᠨᠠᠭᠠᠬᠤ︾ ᠪᠠ | ᠥᠩᠭᠡᠲᠦ ᠪᠣᠯᠣᠳ ᠪᠦᠷᠬᠦ ᠵᠡᠷᠭᠡ ᠥᠭᠡᠷᠡᠴᠢᠯᠡᠨ ᠵᠠᠰᠠᠬᠤ ᠠᠷᠭ᠎ᠠ ᠮᠠᠶ᠋ᠢᠭ ᠢᠶᠠᠷ ᠥᠭᠡᠷᠡᠴᠢᠯᠡᠨ ᠰᠠᠶᠢᠵᠢᠷᠠᠭᠤᠯᠬᠤ ᠶᠢ | ᠴᠢᠩᠭ᠎ᠠ ᠴᠠᠭᠠᠵᠠᠯᠠᠬᠤ ᠬᠡᠷᠡᠭᠲᠡᠶ᠃ | ᠰᠣᠯᠢᠬᠤ᠄ ᠣᠳᠣ ᠶᠢᠨ ᠰᠠᠭᠤᠵᠤ ᠪᠠᠶᠢᠭ᠎ᠠ ᠭᠡᠷ ᠪᠠᠶᠢᠰᠢᠩ ᠳᠤ ᠰᠡᠯᠪᠢᠨ ᠵᠠᠰᠠᠬᠤ ᠦᠨ᠎ᠡ ᠥᠷᠲᠡᠭ ᠦᠭᠡᠶ | ᠪᠥᠭᠡᠳ ᠰᠢᠨ᠎ᠡ ᠪᠠᠷ ᠪᠠᠶᠢᠭᠤᠯᠬᠤ ᠴᠢᠳᠠᠪᠤᠷᠢ ᠦᠭᠡᠶ ᠲᠠᠷᠢᠶᠠᠴᠢᠨ ᠡᠷᠦᠬᠡ ᠲᠣᠰᠬᠤᠨ ᠤ ᠶᠠᠰᠤ ᠴᠢᠨᠠᠷ ᠢᠶᠠᠷ ᠨᠡᠯᠢᠶᠡᠳ | ᠰᠠᠶᠢᠨ ᠲᠣᠭᠤᠰᠬ᠎ᠠ ᠮᠣᠳᠣᠨ ᠪᠦᠲᠦᠴᠡ ᠪᠤᠶᠤ ᠲᠣᠭᠤᠰᠬ᠎ᠠ ᠪᠧᠲ᠋ᠣᠨ ᠪᠦᠲᠦᠴᠡ ᠪᠠᠷ ᠰᠤᠯᠠ ᠪᠠᠶᠢᠬᠤ ᠭᠡᠷ | ᠪᠠᠶᠢᠰᠢᠩ ᠢ ᠠᠰᠢᠭᠯᠠᠵᠤ᠂ ᠰᠣᠯᠢᠭᠰᠠᠨ ᠤ ᠳᠠᠷᠠᠭ᠎ᠠ ᠡᠷᠬᠡᠪᠰᠢ ᠤᠤᠯ ᠤᠨ ᠨᠤᠷᠠᠬᠤ ᠠᠶᠤᠯᠲᠠᠶ ᠭᠡᠷ ᠪᠠᠶᠢᠰᠢᠩ ᠢ | ᠨᠤᠷᠠᠭᠠᠬᠤ ᠬᠡᠷᠡᠭᠲᠡᠶ᠃ | ︵ᠲᠦᠷᠪᠡ︶ ᠦᠭᠡᠷᠡᠴᠢᠯᠡᠬᠦ ᠪᠠᠷᠢᠮᠵᠢᠶ᠎ᠠ | ᠪᠦᠲᠦᠭᠡᠨ ᠪᠠᠶᠢᠭᠤᠯᠬᠤ ᠪᠠᠷᠢᠮᠵᠢᠶ᠎ᠠ᠄ | 1. ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠢ ᠰᠢᠨ᠎ᠡ ᠪᠠᠷ ᠪᠠᠶᠢᠭᠤᠯᠬᠤ ᠠᠷᠭ᠎ᠠ | ᠮᠠᠶ᠋ᠢᠭ ᠢᠶᠠᠷ ᠥᠭᠡᠷᠡᠴᠢᠯᠡᠭᠰᠡᠨ ᠪᠠᠶᠢᠪᠠᠯ᠂ ᠨᠢᠭᠡ ᠬᠥᠮᠦᠨ ᠤ ᠡᠷᠦᠬᠡ ᠶᠢ 30 ᠲᠡᠭᠰᠢ ᠳᠥᠷᠪᠡᠯᠵᠢᠨ ᠮᠧᠲᠷ᠂ ᠬᠤᠶᠠᠷ | ᠬᠥᠮᠦᠨ ᠤ ᠡᠷᠦᠬᠡ ᠶᠢ 40 ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠭᠤᠷᠪᠠᠨ ᠬᠥᠮᠦᠨ ᠤ ᠡᠷᠦᠬᠡ ᠶᠢ 60 | ᠲᠡᠭᠰᠢ ᠳᠥᠷᠪᠡᠯᠵᠢᠨ ᠮᠧᠲᠷ ᠪᠠᠶᠢᠭᠤᠯᠤᠭᠰᠠᠨ ᠣᠷᠣᠨ ᠰᠠᠭᠤᠴᠠ ᠪᠠᠶᠢᠭᠤᠯᠤᠨ᠎ᠠ᠃ ᠬᠥᠮᠦᠨ ᠪᠦᠷᠢ ᠶᠢᠨ ᠳᠤᠮᠳᠠᠴᠢ | ᠪᠠᠷᠢᠯᠭ᠎ᠠ ᠶᠢᠨ ᠲᠠᠯᠠᠪᠠᠶ ᠶᠢ 18 ᠲᠡᠭᠰᠢ ᠳᠥᠷᠪᠡᠯᠵᠢᠨ ᠮᠧᠲᠷ ᠠᠴᠠ ᠳᠠᠪᠠᠭᠤᠯᠬᠤ ᠦᠭᠡᠶ᠂ 13 ᠲᠡᠭᠰᠢ | ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠰᠡᠯᠪᠢᠨ ᠵᠠᠰᠠᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠥᠭᠡᠷᠡᠴᠢᠯᠡᠭᠰᠡᠨ ᠪᠠᠶᠢᠪᠠᠯ᠂ ᠨᠢᠭᠡ ᠬᠥᠮᠦᠨ ᠤ ᠡᠷᠦᠬᠡ 40 ᠲᠡᠭᠰᠢ ᠳᠥᠷᠪᠡᠯᠵᠢᠨ ᠮᠧᠲᠷ᠂ ᠬᠤᠶᠠᠷ | ᠬᠥᠮᠦᠨ ᠤ ᠡᠷᠦᠬᠡ 50 ᠲᠡᠭᠰᠢ ᠳᠥᠷᠪᠡᠯᠵᠢᠨ ᠮᠧᠲᠷ ᠰᠡᠯᠪᠢᠨ ᠵᠠᠰᠠᠵᠤ ᠪᠣᠯᠤᠨ᠎ᠠ᠂ ᠭᠤᠷᠪᠠ ᠠᠴᠠ ᠳᠡᠭᠡᠭᠰᠢ | ᠬᠥᠮᠦᠨ ᠨᠢ 60 ᠲᠡᠭᠰᠢ ᠳᠥᠷᠪᠡᠯᠵᠢᠨ ᠮᠧᠲᠷ ᠣᠷᠴᠢᠮ ᠤᠨ ᠣᠷᠣᠨ ᠰᠠᠭᠤᠴᠠ ᠰᠡᠯᠪᠢᠨ ᠵᠠᠰᠠᠵᠤ ᠪᠣᠯᠤᠨ᠎ᠠ᠂ | ᠵᠠᠷᠴᠢᠮ ᠳᠡᠭᠡᠷ᠎ᠡ ᠪᠠᠨ ᠨᠢᠭᠡ ᠠᠴᠠ ᠬᠤᠶᠠᠷ ᠲᠠᠰᠤᠯᠭ᠎ᠠ ᠭᠡᠷ ᠪᠠᠶᠢᠰᠢᠩ ᠰᠡᠯᠪᠢᠨ ᠵᠠᠰᠠᠵᠤ ᠪᠣᠯᠤᠨ᠎ᠠ᠃ | 2. ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠤᠨ ᠰᠠᠨᠠᠭᠤᠯᠭ᠎ᠠ ᠳᠤ ᠨᠢᠭᠡ ᠬᠥᠮᠦᠨ ᠵᠢᠴᠢ | ᠬᠤᠶᠠᠷ ᠬᠥᠮᠦᠨ ᠤ ᠡᠷᠦᠬᠡ ᠶᠢ 30 ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠭᠤᠷᠪᠠ ᠠᠴᠠ ᠳᠡᠭᠡᠭᠰᠢᠬᠢ | ᠡᠷᠦᠬᠡ ᠳᠤ 40 ᠠᠴᠠ 60 ᠲᠡᠭᠰᠢ ᠳᠥᠷᠪᠡᠯᠵᠢᠨ ᠮᠧᠲᠷ ᠣᠷᠣᠨ ᠰᠠᠭᠤᠴᠠ ᠪᠠᠶᠢᠭᠤᠯᠬᠤ ᠪᠥᠭᠡᠳ 1 ᠬᠥᠮᠦᠨ ᠤ | ᠡᠷᠦᠬᠡ ᠶᠢ 24 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ 2 ᠬᠥᠮᠦᠨ ᠤ | ᠡᠷᠦᠬᠡ ᠶᠢ 30 ᠲᠡᠭᠰᠢ ᠳᠥᠷᠪᠡᠯᠵᠢᠨ ᠮᠧᠲᠷ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠂ 3 ᠬᠥᠮᠦᠨ ᠵᠢᠴᠢ 3 | ᠬᠥᠮᠦᠨ ᠠᠴᠠ ᠳᠡᠭᠡᠭᠰᠢ ᠡᠷᠦᠬᠡ ᠶᠢᠨ ᠬᠥᠮᠦᠨ ᠪᠦᠷᠢ ᠳᠤ ᠳᠤᠮᠳᠠᠴᠢ ᠪᠠᠷ 13 ᠲᠡᠭᠰᠢ ᠳᠥᠷᠪᠡᠯᠵᠢᠨ ᠮᠧᠲᠷ ᠠᠴᠠ | ᠳᠣᠤᠷ᠎ᠠ ᠪᠠᠶᠢᠯᠭᠠᠵᠤ ᠪᠣᠯᠬᠤ ᠦᠭᠡᠶ᠂ 18 ᠲᠡᠭᠰᠢ ᠳᠥᠷᠪᠡᠯᠵᠢᠨ ᠮᠧᠲᠷᠡᠴᠠ ᠥᠨᠳᠥᠷ ᠪᠠᠶᠢᠯᠭᠠᠵᠤ ᠪᠣᠯᠬᠤ ᠦᠭᠡᠶ | ᠃ ᠰᠡᠯᠪᠢᠨ ᠵᠠᠰᠠᠵᠤ ᠪᠠᠬᠢᠵᠢᠭᠦᠯᠬᠦ ᠠᠷᠭ᠎ᠠ ᠮᠠᠶ᠋ᠢᠭ ᠢᠶᠠᠷ ᠥᠭᠡᠷᠡᠴᠢᠯᠡᠭᠰᠡᠨ ᠪᠣᠯ ᠥᠭᠡᠷᠡᠴᠢᠯᠡᠨ ᠰᠢᠨᠡᠳᠬᠡᠬᠦ ᠲᠠᠯᠠᠪᠠᠶ ᠶᠢ | 40 ᠠᠴᠠ 50 ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠬᠤ ᠬᠡᠷᠡᠭᠲᠡᠶ᠃ | ᠲᠤᠰᠠᠯᠠᠮᠵᠢ ᠶᠢᠨ ᠪᠠᠷᠢᠮᠵᠢᠶ᠎ᠠ᠄ | 1. ︽ᠵᠢᠷᠭᠤᠭᠠᠨ ᠲᠥᠷᠥᠯ ᠤᠨ ᠭᠤᠣᠯᠳᠠᠯᠭ᠎ᠠ ᠲᠠᠢ ᠡᠲᠡᠭᠡᠳ︾ ① ᠰᠡᠯᠪᠢᠨ ᠵᠠᠰᠠᠬᠤ ᠲᠥᠷᠥ ᠶᠢᠨ | ᠪᠣᠳᠣᠯᠭ᠎ᠠ᠄ 40 ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠢ ᠰᠡᠯᠪᠢᠨ ᠵᠠᠰᠠᠪᠠᠯ ᠥᠪᠡᠷᠲᠡᠭᠡᠨ | ᠴᠤᠭᠯᠠᠭᠤᠯᠤᠭᠰᠠᠨ ᠦᠭᠡᠢ᠂ 50 ᠲᠡᠭᠰᠢ ᠳᠥᠷᠪᠡᠯᠵᠢᠨ ᠮᠧᠲᠷ ᠤᠨ ᠥᠪᠡᠷᠲᠡᠭᠡᠨ ᠴᠤᠭᠯᠠᠭᠤᠯᠤᠭᠰᠠᠨ 2000 | ᠲᠥᠭᠦᠷᠢᠭ᠂ 60 ᠲᠡᠭᠰᠢ ᠳᠥᠷᠪᠡᠯᠵᠢᠨ ᠮᠧᠲᠷᠤᠨ ᠥᠪᠡᠷᠲᠡᠭᠡᠨ ᠴᠤᠭᠯᠠᠭᠤᠯᠤᠭᠰᠠᠨ 4000 ᠲᠥᠭᠦᠷᠢᠭ᠂ | ᠵᠠᠷᠴᠢᠮ ᠳᠡᠭᠡᠷ᠎ᠡ ᠪᠠᠨ 60 ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠪᠠᠷᠢᠯᠭ᠎ᠠ ᠶᠢ ᠰᠡᠯᠪᠢᠨ ᠵᠠᠰᠠᠭᠰᠠᠨ | ᠦᠭᠡᠢ᠃ ᠱᠠᠯᠠ᠂ ᠡᠭᠦᠳᠡ ᠴᠣᠩᠬᠤ᠂ ᠳᠡᠭᠡᠪᠦᠷ ᠤᠨ ᠸᠠᠭᠠᠷ ᠪᠣᠯᠣᠨ ᠡᠯᠭᠦᠮᠡᠯ ᠳᠡᠭᠡᠪᠦᠷ ᠤᠨ ᠠᠯᠢ ᠨᠢᠭᠡ ᠨᠢ ᠰᠡᠯᠪᠢᠨ | ᠵᠠᠰᠠᠬᠤ ᠴᠢᠬᠤᠯᠠ ᠦᠭᠡᠢ ᠪᠣᠯᠵᠠᠢ᠂ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ ᠨᠢ 2 000 ᠲᠥᠭᠦᠷᠢᠭ | ᠪᠠᠭᠠᠰᠴᠤ᠂ 2 ᠪᠤᠶᠤ ᠲᠡᠭᠦᠨ ᠠᠴᠠ ᠳᠡᠭᠡᠭᠰᠢ ᠰᠡᠯᠪᠢᠨ ᠵᠠᠰᠠᠬᠤ ᠴᠢᠬᠤᠯᠠ ᠦᠭᠡᠢ ᠪᠣᠯ ᠥᠪᠡᠷ ᠢᠶᠠᠨ ᠪᠡᠯᠡᠳᠬᠡᠬᠦ | ᠴᠢᠬᠤᠯᠠ ᠦᠭᠡᠢ ᠪᠠᠶᠢᠵᠠᠢ᠃ ② ᠰᠢᠨ᠎ᠡ ᠪᠠᠷ ᠪᠠᠶᠢᠭᠤᠯᠤᠭᠰᠠᠨ ᠲᠥᠷᠥ ᠶᠢᠨ ᠪᠣᠳᠣᠯᠭ᠎ᠠ᠃ | 2. ︽ᠵᠢᠷᠭᠤᠭᠠᠨ ᠲᠥᠷᠥᠯ ᠤᠨ ᠪᠤᠰᠤ ᠭᠤᠣᠯᠳᠠᠯᠭ᠎ᠠ ᠲᠠᠢ ᠡᠲᠡᠭᠡᠳ︾ ᠤᠨ ᠭᠡᠷ ᠪᠠᠶᠢᠰᠢᠩ ᠨᠢ C᠂ D | ᠳᠡᠰ ᠢᠶᠠᠷ ᠬᠢᠨᠠᠨ ᠲᠣᠭᠲᠠᠭᠠᠭᠳᠠᠭᠰᠠᠨ ᠡᠳ᠋ ᠤᠨ ᠵᠠᠰᠠᠭ ᠤᠨ ᠠᠰᠠᠷᠠᠨ ᠲᠡᠵᠢᠭᠡᠬᠦ ᠡᠷᠦᠬᠡ᠂ ᠨᠡᠶᠢᠭᠡᠮ ᠤᠨ | ᠪᠠᠲᠤᠯᠠᠭᠠᠲᠤ ᠡᠷᠦᠬᠡ ᠵᠡᠷᠭᠡ ᠵᠣᠬᠢᠬᠤ ᠥᠭᠡᠷᠡᠴᠢᠯᠡᠬᠦ ᠴᠢᠳᠠᠪᠤᠷᠢ ᠲᠠᠢ ᠲᠠᠷᠢᠶᠠᠴᠢᠨ ᠡᠷᠦᠬᠡ ᠶᠢᠨ ᠪᠠᠷᠢᠮᠵᠢᠶ᠎ᠠ ᠪᠠᠷ | ᠰᠢᠨ᠎ᠡ ᠪᠠᠷ ᠪᠠᠶᠢᠭᠤᠯᠤᠭᠰᠠᠨ ᠡᠷᠦᠬᠡ ᠪᠦᠷᠢ ᠳᠤ 10000 ᠲᠥᠭᠦᠷᠢᠭ ᠤᠨ ᠨᠥᠬᠦᠪᠦᠷᠢ ᠥᠭᠭᠦᠨ᠎ᠡ︔ ᠬᠡᠲᠦᠷᠡᠭᠰᠡᠨ | ᠬᠡᠰᠡᠭ ᠢ ᠲᠠᠷᠢᠶᠠᠴᠢᠨ ᠡᠷᠦᠬᠡ ᠠᠴᠠ ᠥᠪᠡᠷᠲᠡᠭᠡᠨ ᠴᠤᠭᠯᠠᠭᠤᠯᠤᠨ᠎ᠠ︔ ᠰᠡᠯᠪᠢᠨ ᠵᠠᠰᠠᠭᠰᠠᠨ ᠡᠷᠦᠬᠡ ᠨᠢᠭᠡᠪᠦᠷᠢ ᠳᠤ | 5000 ᠲᠥᠭᠦᠷᠢᠭ ᠠᠴᠠ ᠬᠡᠲᠦᠷᠡᠭᠦᠯᠬᠦ ᠦᠭᠡᠢ᠂ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ | ᠴᠤᠭᠯᠠᠭᠤᠯᠤᠨ᠎ᠠ︔ ᠰᠣᠯᠢᠵᠤ ᠥᠭᠭᠦᠭᠰᠡᠨ ᠡᠷᠦᠬᠡ ᠪᠦᠷᠢ ᠳᠤ ᠨᠥᠬᠦᠪᠦᠷᠢ 10000 ᠲᠥᠭᠦᠷᠢᠭ ᠠᠴᠠ | ᠬᠡᠲᠦᠷᠡᠭᠦᠯᠬᠦ ᠦᠭᠡᠢ᠂ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ ᠴᠤᠭᠯᠠᠭᠤᠯᠵᠤ ᠰᠢᠢᠳᠪᠦᠷᠢᠯᠡᠨ᠎ᠡ᠃ | ︽ᠵᠢᠷᠭᠤᠭᠠᠨ ᠲᠥᠷᠥᠯ ᠤᠨ ᠪᠤᠰᠤ ᠭᠤᠣᠯᠳᠠᠯᠭ᠎ᠠ ᠲᠠᠢ ᠡᠲᠡᠭᠡᠳ︾ ᠤᠨ ᠳᠣᠲᠣᠷᠠᠬᠢ ᠥᠪᠡᠰᠦᠪᠡᠨ | ᠴᠤᠭᠯᠠᠭᠤᠯᠤᠭᠰᠠᠨ ᠪᠡᠯᠡ ᠮᠥᠩᠭᠦ ᠪᠠ ᠬᠦᠴᠦ ᠬᠥᠳᠡᠯᠮᠦᠷᠢ ᠣᠷᠣᠭᠤᠯᠬᠤ ᠴᠢᠳᠠᠪᠤᠷᠢ ᠪᠠᠷ ᠪᠠᠭᠤᠷᠠᠶ ᠡᠩ ᠤᠨ | ᠲᠠᠷᠢᠶᠠᠴᠢᠨ ᠡᠷᠦᠬᠡ ᠳᠤ ᠨᠥᠬᠦᠪᠥᠷᠢ ᠥᠭᠬᠦ ᠪᠠᠷᠢᠮᠵᠢᠶ᠎ᠠ ᠨᠢ ᠰᠢᠨ᠎ᠡ ᠪᠠᠷ ᠪᠠᠶᠢᠭᠤᠯᠤᠭᠰᠠᠨ ᠡᠷᠦᠬᠡ ᠪᠦᠷᠢ ᠳᠤ | 18732 ᠲᠥᠭᠦᠷᠢᠭ ᠤᠨ ᠨᠥᠬᠦᠪᠥᠷᠢ ᠥᠭᠴᠦ᠂ ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ | ᠴᠤᠭᠯᠠᠭᠤᠯᠤᠨ᠎ᠠ︔ ᠰᠡᠯᠪᠢᠨ ᠵᠠᠰᠠᠭᠰᠠᠨ ᠡᠷᠦᠬᠡ ᠪᠦᠷᠢ ᠳᠤ 10000 ᠲᠥᠭᠦᠷᠢᠭ ᠠᠴᠠ ᠬᠡᠲᠦᠷᠡᠭᠦᠯᠬᠦ ᠦᠭᠡᠢ᠂ | ᠬᠡᠲᠦᠷᠡᠭᠰᠡᠨ ᠬᠡᠰᠡᠭ ᠢ ᠲᠠᠷᠢᠶᠠᠴᠢᠨ ᠡᠷᠦᠬᠡ ᠥᠪᠡᠰᠦᠪᠡᠨ ᠴᠤᠭᠯᠠᠭᠤᠯᠤᠨ᠎ᠠ︔ ᠰᠣᠯᠢᠵᠤ ᠥᠭᠭᠦᠭᠰᠡᠨ ᠡᠷᠦᠬᠡ | ᠪᠦᠷᠢ ᠶᠢᠨ ᠨᠥᠬᠦᠪᠥᠷᠢ ᠶᠢ 18732 ᠲᠥᠭᠦᠷᠢᠭ ᠠᠴᠠ ᠳᠠᠪᠠᠭᠤᠯᠬᠤ ᠦᠭᠡᠢ᠂ ᠬᠡᠲᠦᠷᠡᠭᠰᠡᠨ ᠬᠡᠰᠡᠭ ᠢ ᠲᠠᠷᠢᠶᠠᠴᠢᠨ | ᠡᠷᠦᠬᠡ ᠥᠪᠡᠰᠦᠪᠡᠨ ᠴᠤᠭᠯᠠᠭᠤᠯᠤᠨ᠎ᠠ᠃ | ︵ᠲᠠᠪᠤ︶ ᠦᠭᠡᠷᠡᠴᠢᠯᠡᠬᠦ ᠪᠠᠷᠢᠯᠭ᠎ᠠ ᠶᠢᠨ ᠬᠠᠮᠢᠶᠠᠷᠤᠯᠲᠠ | 1. ᠥᠭᠡᠷᠡᠴᠢᠯᠡᠬᠦ ᠠᠷᠭ᠎ᠠ ᠮᠠᠶ᠋ᠢᠭ ᠤᠨ ᠬᠠᠮᠢᠶᠠᠷᠤᠯᠲᠠ᠃ ᠬᠥᠳᠡᠭᠡ ᠲᠣᠰᠬᠤᠨ ᠤ ᠨᠤᠷᠠᠬᠤ ᠠᠶᠤᠯ ᠲᠠᠢ ᠭᠡᠷ | ᠪᠠᠶᠢᠰᠢᠩ ᠭᠡᠳᠡᠭ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ | ᠬᠥᠳᠡᠭᠡ ᠲᠣᠰᠬᠤᠨ ᠤ ᠠᠶᠤᠯ ᠲᠠᠢ ᠭᠡᠷ ᠪᠠᠶᠢᠰᠢᠩ ᠢ ᠬᠢᠨᠠᠨ ᠲᠣᠭᠲᠠᠭᠠᠬᠤ ᠮᠡᠷᠭᠡᠵᠢᠯ ᠤᠨ ᠵᠢᠯᠣᠭᠤᠳᠬᠤ ᠳᠦᠷᠢᠮ ︵ | ᠲᠤᠷᠰᠢᠨ ᠬᠡᠷᠡᠭᠵᠢᠭᠦᠯᠬᠦ︶︾ ︵ᠪᠠᠶᠢᠭᠤᠯᠬᠤ ᠲᠣᠰᠬᠤᠨ ᠵᠠᠬᠢᠳᠠᠯ [ 2009] 69 ᠳ᠋ᠦᠭᠡᠷ ᠲᠣᠭᠠᠲᠤ︶ ᠤᠨ | ᠬᠢᠨᠠᠨ ᠲᠣᠭᠲᠠᠭᠠᠯᠲᠠ ᠨᠢ ᠪᠦᠬᠦᠯᠢ ᠠᠰᠠᠷ ᠤᠨ ᠠᠶᠤᠯ ᠲᠠᠢ ᠭᠡᠷ ᠪᠠᠶᠢᠰᠢᠩ ︵D ᠳᠡᠰ︶ ᠪᠤᠶᠤ ᠬᠡᠰᠡᠭ ᠲᠠᠯ᠎ᠠ ᠶᠢᠨ | ᠠᠶᠤᠯ ᠲᠠᠢ ︵C ᠳᠡᠰ︶ ᠳᠤ ᠬᠠᠷᠢᠶᠠᠯᠠᠭᠳᠠᠬᠤ ᠭᠡᠷ ᠪᠠᠶᠢᠰᠢᠩ ᠢ ᠵᠢᠭᠠᠵᠤ ᠪᠤᠶ᠃ ᠨᠤᠷᠠᠬᠤ ᠠᠶᠤᠯ ᠲᠠᠢ ᠭᠡᠷ | ᠪᠠᠶᠢᠰᠢᠩ ︵D ᠳᠡᠰ︶ ᠳᠤ ᠬᠠᠷᠢᠶᠠᠯᠠᠭᠳᠠᠪᠠᠯ ᠡᠷᠬᠡᠪᠰᠢ ᠤᠤᠯ ᠣᠷᠣᠨ ᠰᠠᠭᠤᠴᠠ ᠪᠠᠨ ᠨᠤᠷᠠᠭᠠᠬᠤ ᠶᠢᠨ ᠬᠠᠮᠲᠤ | ᠰᠢᠨ᠎ᠡ ᠪᠠᠷ ᠪᠠᠶᠢᠭᠤᠯᠵᠤ᠂ ᠬᠡᠰᠡᠭ ᠲᠠᠯ᠎ᠠ ᠶᠢᠨ ᠠᠶᠤᠯ ᠭᠡᠮ ᠲᠠᠢ ︵C ᠳᠡᠰ︶ ᠳᠤ ᠬᠠᠷᠢᠶᠠᠯᠠᠭᠳᠠᠪᠠᠯ ᠰᠡᠯᠪᠢᠨ | ᠵᠠᠰᠠᠵᠤ ᠪᠠᠬᠢᠵᠢᠭᠦᠯᠬᠦ ᠬᠡᠷᠡᠭᠲᠡᠶ᠃ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠳᠤ ᠲᠠᠷᠢᠶᠠᠴᠢᠨ | ᠡᠷᠦᠬᠡ ᠶᠢᠨ ᠥᠪᠡᠰᠦᠪᠡᠨ ᠪᠦᠲᠦᠭᠡᠨ ᠪᠠᠶᠢᠭᠤᠯᠬᠤ ᠪᠠᠷ ᠭᠤᠣᠯ ᠪᠣᠯᠭᠠᠵᠤ᠂ ᠨᠢᠭᠡᠳᠦᠯᠲᠡᠶ ᠪᠠᠶᠢᠭᠤᠯᠬᠤ ᠪᠠᠷ | ᠬᠠᠪᠰᠤᠷᠤᠮᠵᠢ ᠪᠣᠯᠭᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠤᠳ ᠰᠢᠶᠠᠩ ᠪᠠᠯᠭᠠᠰᠤᠨ ᠤ ᠵᠠᠰᠠᠭ ᠤᠨ ᠣᠷᠳᠣᠨ ᠲᠠᠢ ᠬᠠᠮᠲᠤᠷᠠᠨ ᠲᠤᠰᠬᠠᠶ ᠮᠡᠷᠭᠡᠵᠢᠯ ᠤᠨ | ᠠᠵᠢᠯᠲᠠᠨ ᠢ ᠵᠣᠬᠢᠶᠠᠨ ᠪᠠᠶᠢᠭᠤᠯᠵᠤ ᠪᠠᠶᠢᠴᠠᠭᠠᠨ ᠭᠠᠷᠭᠠᠵᠤ ᠭᠠᠷᠭᠠᠭᠰᠠᠨ ᠨᠤᠷᠠᠬᠤ ᠠᠶᠤᠯᠲᠠᠶ ᠬᠡᠷ ᠪᠠᠶᠢᠰᠢᠩ ᠳᠤ | ᠡᠷᠦᠬᠡ ᠳᠠᠷᠠᠭᠠᠯᠠᠨ ᠬᠢᠨᠠᠨ ᠲᠣᠭᠲᠠᠭᠠᠯᠲᠠ ᠬᠢᠵᠦ᠂ ᠥᠭᠡᠷᠡᠴᠢᠯᠡᠨ ᠰᠢᠨᠡᠳᠬᠡᠬᠦ ᠠᠷᠭ᠎ᠠ ᠮᠠᠶ᠋ᠢᠭ ᠢ ᠵᠦᠶ ᠵᠣᠬᠢᠰᠲᠠᠶ | ᠲᠣᠭᠲᠠᠭᠠᠬᠤ ᠬᠡᠷᠡᠭᠲᠡᠶ᠃ | 2. ᠥᠭᠡᠷᠡᠴᠢᠯᠡᠬᠦ ᠶᠠᠪᠤᠴᠠ ᠶᠢᠨ ᠬᠠᠮᠢᠶᠠᠷᠤᠯᠲᠠ᠃ ︽ᠯᠢᠶᠠᠩᠴᠧᠩ ᠰᠢᠶᠠᠨ ᠤ 2024 ᠣᠨ ᠤ ᠬᠥᠳᠡᠭᠡ | ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠤᠨ ᠬᠤᠪᠢᠶᠠᠷᠢ ᠲᠥᠷᠥᠯ | ᠬᠤᠪᠢᠶᠠᠭᠰᠠᠨ ᠪᠠᠷᠢᠯᠭ᠎ᠠ ᠶᠢ ᠰᠢᠯᠭᠠᠨ ᠠᠪᠤᠭᠰᠠᠨ ᠲᠡᠮᠳᠡᠭᠯᠡᠯ ᠤᠨ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ᠂ | ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠶᠢ 6 ᠬᠤᠪᠢᠶᠠᠷᠢ ᠲᠥᠷᠥᠯ ᠬᠤᠪᠢᠶᠠᠭᠰᠠᠨ ᠪᠠᠷᠢᠯᠭ᠎ᠠ ᠪᠣᠯᠭᠠᠨ ᠨᠠᠷᠢᠨ ᠬᠤᠪᠢᠶᠠᠵᠤ᠂ ᠲᠣᠰ ᠲᠣᠰ ᠰᠠᠭᠤᠷᠢ | ᠪᠣᠯᠬᠤ ᠪᠠ ᠴᠢᠯᠠᠭᠤ ᠦᠷᠦᠵᠦ ᠪᠠᠷᠢᠬᠤ᠂ ᠨᠢᠷᠤᠭᠤᠨ ᠨᠢᠷᠤᠭᠤ ᠶᠢᠨ ᠪᠣᠯᠣᠳ ᠰᠢᠷᠪᠥᠰᠥ ᠶᠢ ᠤᠶᠠᠬᠤ ᠪᠠ ᠬᠡᠪ | ᠬᠠᠪᠲᠠᠰᠤ ᠤᠭᠰᠠᠷᠠᠬᠤ᠂ ᠨᠦᠬᠡᠨ ᠵᠠᠮ ᠢ ᠴᠢᠳᠬᠤᠬᠤ᠂ ᠬᠡᠷ ᠪᠠᠶᠢᠰᠢᠩ ᠤᠨ ᠭᠤᠣᠯ ᠢ ᠡᠭᠡᠭᠦᠯᠦᠨ ᠪᠥᠭᠯᠡᠬᠦ ᠵᠢᠴᠢ | ᠳᠡᠪᠢᠰᠬᠡᠷ ᠳᠠᠪᠬᠤᠷᠭ᠎ᠠ ᠶᠢ ᠴᠢᠳᠬᠤᠬᠤ᠂ ᠭᠤᠤᠯ ᠴᠣᠭᠴᠠ ᠶᠢᠨ ᠪᠦᠲᠦᠴᠡ ︵ᠬᠡᠷᠡᠮ ᠢ ᠵᠡᠷᠭᠡᠯᠡᠬᠦ᠂ ᠨᠢᠷᠤᠭᠤ | ᠥᠩᠭᠡᠷᠡᠬᠦ᠂ ᠬᠡᠷ ᠤᠨ ᠣᠷᠣᠶ︶᠂ ᠴᠢᠮᠡᠭᠯᠡᠨ ᠵᠠᠰᠠᠨ᠎ᠠ︔ ᠰᠡᠯᠪᠢᠨ ᠵᠠᠰᠠᠵᠤ ᠪᠠᠬᠢᠵᠢᠭᠦᠯᠬᠦ ᠪᠠᠷᠢᠯᠭ᠎ᠠ ᠶᠢ ᠬᠡᠷᠡᠮ ᠢ | ᠪᠠᠬᠢᠵᠢᠭᠦᠯᠬᠦ ᠪᠠ ᠪᠤᠰᠤᠳ ᠳᠠᠯᠳᠠ ᠢᠨᠵᠧᠨᠧᠷᠢᠩ ᠭᠡᠵᠦ ᠬᠤᠶᠠᠷ ᠵᠦᠢᠯ ᠬᠤᠪᠢᠶᠠᠭᠰᠠᠨ ᠪᠠᠷᠢᠯᠭ᠎ᠠ ᠪᠣᠯᠤᠨ᠎ᠠ᠃ | ᠪᠠᠷᠢᠯᠭ᠎ᠠ ᠪᠠᠷᠢᠬᠤ ᠠᠩᠭᠢ ᠪᠤᠶᠤ ᠥᠪᠡᠰᠦᠪᠡᠨ ᠪᠠᠶᠢᠭᠤᠯᠤᠭᠰᠠᠨ ᠡᠷᠦᠬᠡ ᠡᠷᠬᠡᠪᠰᠢ ︽ᠤᠯᠠᠭᠠᠨᠴᠠᠪ ᠬᠤᠲᠠ ᠶᠢᠨ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠮᠡᠷᠭᠡᠵᠢᠯ ᠤᠨ | ᠵᠢᠯᠣᠭᠤᠳᠬᠤ ᠳᠦᠷᠢᠮ︾ ᠤᠨ ᠶᠣᠰᠣᠭᠠᠷ ᠪᠠᠷᠢᠯᠭ᠎ᠠ ᠪᠠᠷᠢᠵᠤ᠂ ᠳᠡᠭᠡᠷᠡᠬᠢ ᠲᠥᠷᠥᠯ ᠬᠤᠪᠢᠶᠠᠭᠰᠠᠨ ᠪᠠᠷᠢᠯᠭ᠎ᠠ ᠶᠢ | ᠬᠢᠨᠠᠨ ᠬᠠᠮᠢᠶᠠᠷᠬᠤ ᠨᠢᠭᠡᠴᠡ ᠪᠠᠷ ᠭᠠᠷ ᠤᠨ ᠦᠰᠦᠭ ᠵᠢᠷᠤᠭᠤᠯᠵᠤ ᠰᠢᠯᠭᠠᠨ ᠠᠪᠤᠭᠰᠠᠨ ᠦᠭᠡᠢ ᠪᠣᠯ ᠳᠠᠷᠠᠭ᠎ᠠ ᠨᠢᠭᠡ | ᠠᠵᠢᠯ ᠤᠨ ᠳᠠᠷᠠᠭᠠᠯᠠᠯ ᠢᠶᠠᠷ ᠪᠠᠷᠢᠯᠭ᠎ᠠ ᠪᠠᠷᠢᠵᠤ ᠪᠣᠯᠬᠤ ᠦᠭᠡᠢ᠃ | 3. ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠠᠮᠢᠶᠠᠷᠤᠯᠲᠠ᠃ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠰᠢᠶᠠᠩ ᠪᠠᠯᠭᠠᠰᠤ ᠭᠤᠶᠤᠴᠢᠯᠠᠯ ᠭᠠᠷᠭᠠᠵᠤ᠂ | ᠰᠢᠶᠠᠨ ᠤ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠮᠡᠷᠭᠡᠵᠢᠯ ᠤᠨ ᠠᠵᠢᠯᠲᠠᠨ ᠢ ᠵᠣᠬᠢᠶᠠᠨ | ᠪᠠᠶᠢᠭᠤᠯᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ᠂ ᠰᠢᠨ᠎ᠡ ᠪᠠᠷ ᠪᠠᠷᠢᠭᠰᠠᠨ ᠬᠡᠷ ᠪᠠᠶᠢᠰᠢᠩ ᠨᠢ ︽ | ᠤᠯᠠᠭᠠᠨᠴᠠᠪ ᠤᠨ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ | ᠮᠡᠷᠭᠡᠵᠢᠯ ᠤᠨ ᠵᠢᠯᠣᠭᠤᠳᠬᠤ ᠲᠦᠷᠢᠮ︾ ᠤᠨ ᠶᠣᠰᠣᠭᠠᠷ ᠪᠥᠲᠥᠭᠡᠨ ᠪᠠᠶᠢᠭᠤᠯᠤᠭᠰᠠᠨ ᠪᠠᠶᠢᠪᠠᠯ ᠴᠥᠮ ᠰᠢᠯᠭᠠᠨ | ᠠᠪᠬᠤ ᠥᠬᠡᠶ᠂ ᠪᠠᠷᠢᠯᠭ᠎ᠠ ᠶᠢᠨ ᠭᠤᠤᠯ ᠴᠣᠭᠴᠠ ᠶᠢᠨ ᠬᠦᠨᠳᠦ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ | ᠬᠡᠷ ᠪᠠᠶᠢᠰᠢᠩ ᠢ ᠴᠥᠮ ᠰᠢᠯᠭᠠᠨ ᠠᠪᠬᠤ ᠥᠬᠡᠶ᠂ ᠰᠡᠯᠪᠢᠨ ᠵᠠᠰᠠᠵᠤ ᠪᠠᠬᠢᠵᠢᠭᠦᠯᠬᠦ ᠠᠷᠭ᠎ᠠ ᠮᠠᠶ᠋ᠢᠭ ᠢᠶᠠᠷ ᠳᠡᠮᠵᠢᠨ | ᠥᠭᠡᠷᠡᠴᠢᠯᠡᠨ ᠰᠢᠨᠡᠳᠬᠡᠬᠦ ᠬᠡᠷ ᠪᠠᠶᠢᠰᠢᠩ ᠨᠢ ᠡᠷᠬᠡᠪᠰᠢ ︽ᠬᠥᠳᠡᠭᠡ ᠲᠣᠰᠬᠤᠨ ᠤ ᠬᠡᠷ ᠪᠠᠶᠢᠰᠢᠩ ᠢ ᠪᠠᠬᠢᠵᠢᠭᠦᠯᠦᠨ | ᠥᠭᠡᠷᠡᠴᠢᠯᠡᠬᠦ ᠮᠡᠷᠭᠡᠵᠢᠯ ᠤᠨ ᠵᠢᠯᠣᠭᠤᠳᠬᠤ ᠲᠦᠷᠢᠮ︾ ᠤᠨ ᠶᠣᠰᠣᠭᠠᠷ ᠪᠠᠷᠢᠯᠭ᠎ᠠ ᠪᠠᠷᠢᠬᠤ ᠬᠡᠷᠡᠭᠲᠡᠶ᠃ ᠰᠡᠯᠪᠢᠨ | ᠵᠠᠰᠠᠵᠤ ᠪᠠᠬᠢᠵᠢᠭᠦᠯᠬᠦ ᠲᠥᠰᠦᠯ ᠳᠤ ᠬᠡᠷ ᠪᠠᠶᠢᠰᠢᠩ ᠤᠨ ᠪᠦᠲᠦᠴᠡ ᠪᠠ ᠵᠠᠰᠠᠵᠤ ᠴᠢᠮᠡᠭᠯᠡᠭᠰᠡᠨ ᠪᠠᠶᠢᠳᠠᠯ ᠢ | ᠦᠨᠳᠦᠰᠦᠯᠡᠨ ᠰᠡᠯᠪᠢᠨ ᠵᠠᠰᠠᠬᠤ ᠠᠭᠤᠯᠭ᠎ᠠ ᠶᠢ ᠰᠣᠩᠭᠤᠵᠤ᠂ ᠰᠡᠯᠪᠢᠨ ᠵᠠᠰᠠᠵᠤ ᠪᠠᠬᠢᠵᠢᠭᠦᠯᠬᠦ ᠳᠤ ᠡᠷᠬᠡᠪᠰᠢ ᠬᠡᠷ | ᠪᠠᠶᠢᠰᠢᠩ ᠤᠨ ᠠᠶᠤᠯᠲᠠᠶ ᠬᠡᠰᠡᠭ ᠢ ᠪᠦᠬᠦᠨ ᠢ ᠪᠠᠬᠢᠵᠢᠭᠦᠯᠬᠦ ᠪᠤᠶᠤ ᠰᠣᠯᠢᠬᠤ ᠬᠡᠷᠡᠭᠲᠡᠶ᠂ ᠨᠢᠭᠡ ᠯᠡ ᠤᠳᠠᠭ᠎ᠠ ᠳᠤ | ᠥᠭᠡᠷᠡᠴᠢᠯᠡᠨ ᠰᠠᠶᠢᠵᠢᠷᠠᠭᠤᠯᠵᠤ᠂ ᠵᠥᠪᠬᠡᠨ ᠸᠠᠭᠠᠷ ᠰᠣᠯᠢᠬᠤ᠂ ᠴᠣᠩᠬᠤ ᠪᠠᠷ ᠰᠣᠯᠢᠬᠤ ᠪᠠ ᠬᠡᠷ ᠪᠠᠶᠢᠰᠢᠩ ᠢᠶᠠᠨ | ᠵᠠᠰᠠᠵᠤ ᠴᠢᠮᠡᠭᠯᠡᠪᠡᠯ ᠨᠤᠷᠠᠬᠤ ᠠᠶᠤᠯᠲᠠᠶ ᠬᠡᠷ ᠪᠠᠶᠢᠰᠢᠩ ᠳᠤ ᠣᠷᠣᠭᠤᠯᠵᠤ ᠪᠣᠯᠬᠤ ᠥᠬᠡᠶ᠃ ᠰᠢᠯᠭᠠᠨ ᠠᠪᠬᠤ ᠳᠤ | ᠬᠢᠷᠢ ᠲᠡᠩᠴᠡᠭᠰᠡᠨ ᠦᠭᠡᠶ ᠳᠤᠨᠢ ᠲᠤᠰᠠᠯᠠᠮᠵᠢ ᠶᠢᠨ ᠪᠡᠯᠡ ᠮᠥᠩᠭᠦ ᠣᠯᠭᠤᠵᠤ ᠪᠣᠯᠬᠤ ᠦᠭᠡᠶ᠃ | 1. ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠲᠤ ᠴᠢᠭᠯᠡᠭᠦᠯᠦᠨ᠂ ᠡᠯ᠎ᠡ ᠰᠢᠶᠠᠩ ᠪᠠᠯᠭᠠᠰᠤ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ︽ | ᠲᠠᠷᠢᠶᠠᠴᠢᠨ ᠡᠷᠦᠬᠡ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠲᠣᠰᠬᠤᠨ ᠤ ᠠᠷᠠᠳ ᠤᠨ ᠬᠤᠷᠠᠯ ᠪᠤᠶᠤ | ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠠᠷᠠᠳᠴᠢᠯᠠᠯ ᠢᠶᠠᠷ ᠦᠨᠡᠯᠡᠬᠦ᠂ ᠰᠢᠶᠠᠩ ︵ᠪᠠᠯᠭᠠᠰᠤ︶ ᠢ | ᠬᠢᠨᠠᠨ ᠬᠠᠷᠭᠤᠭᠤᠯᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠬᠢᠨᠠᠨ ᠵᠥᠪᠰᠢᠶᠡᠷᠡᠬᠦ︾ ᠳᠥᠷᠪᠡᠨ ᠱᠠᠲᠤᠨ ᠤ ᠭᠤᠶᠤᠴᠢᠯᠠᠨ ᠬᠢᠨᠠᠨ ᠵᠥᠪᠰᠢᠶᠡᠷᠡᠭᠦᠯᠬᠦ ᠲᠠᠰ ᠳᠠᠷᠠᠭᠠᠯᠠᠯ | ᠵᠢᠴᠢ ᠲᠣᠰᠬᠤᠨ ᠪᠠ ᠰᠢᠶᠠᠩ ᠪᠠᠯᠭᠠᠰᠤ ᠬᠤᠶᠠᠷ ᠱᠠᠲᠤᠨ ᠤ ᠢᠯᠡ ᠨᠡᠶᠢᠲᠡᠯᠡᠬᠦ ᠲᠦᠷᠢᠮ ᠢ ᠬᠡᠷᠡᠭᠵᠢᠭᠦᠯᠬᠦ ᠬᠡᠷᠡᠭᠲᠡᠶ᠃ | ᠡᠯ᠎ᠡ ᠰᠢᠶᠠᠩ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠵᠢᠴᠢ ᠰᠢᠰᠲ᠋ᠧᠮ ᠤᠨ ᠲᠤᠭ᠎ᠠ ᠪᠠᠷᠢᠮᠲᠠ ᠶᠢ ᠴᠥᠮ ᠨᠢᠭᠡᠳᠦᠯᠲᠡᠶ ᠪᠠᠶᠢᠯᠭᠠᠬᠤ ᠬᠡᠷᠡᠭᠲᠡᠶ᠃ ᠰᠢᠨ᠎ᠡ ᠪᠠᠷ | ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠣᠷᠣᠨ ᠰᠠᠭᠤᠴᠠ ᠳᠤ ᠨᠢᠭᠡᠳᠦᠯᠲᠡᠶ ᠣᠷᠣᠨ ᠰᠠᠭᠤᠴᠠ ᠶᠢᠨ | ᠬᠢᠨᠠᠨ ᠲᠣᠭᠲᠠᠭᠠᠯᠲᠠ ᠬᠢᠵᠦ᠂ ᠬᠢᠨᠠᠨ ᠲᠣᠭᠲᠠᠭᠠᠭᠰᠠᠨ ᠮᠡᠳᠡᠭᠦᠯᠦᠯᠲᠡ ᠭᠠᠷᠭᠠᠨ᠂ ᠨᠤᠷᠠᠬᠤ ᠠᠶᠤᠯᠲᠠᠶ ᠭᠡᠷ | ᠪᠠᠶᠢᠰᠢᠩ ᠢ ᠥᠭᠡᠷᠡᠴᠢᠯᠡᠨ ᠰᠢᠨᠡᠳᠬᠡᠭᠰᠡᠨ ᠳᠠᠩᠰᠠ ᠡᠪᠬᠡᠮᠡᠯ ᠤᠨ ᠮᠠᠲ᠋ᠧᠷᠢᠶᠠᠯ ᠳᠤ ᠨᠢᠭᠡ ᠡᠷᠦᠬᠡ ᠳᠤ ᠨᠢᠭᠡ ᠳᠠᠩᠰᠠ | ᠡᠪᠬᠡᠮᠡᠯ ᠢ ᠬᠡᠷᠡᠭᠵᠢᠭᠦᠯᠵᠦ᠂ ᠳᠠᠩᠰᠠ ᠡᠪᠬᠡᠮᠡᠯ ᠤᠨ ᠮᠠᠲ᠋ᠧᠷᠢᠶᠠᠯ ᠤᠨ ᠦᠨᠡᠨ ᠪᠣᠳᠠᠲᠠᠶ᠂ ᠪᠦᠷᠢᠨ ᠪᠦᠲᠦᠨ᠂ | ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | 2. ︽ᠵᠢᠷᠭᠤᠭᠠᠨ ᠲᠥᠷᠥᠯ ᠤᠨ ᠭᠤᠤᠯᠳᠠᠯᠭᠠᠳᠤ ᠪᠤᠰᠤ ᠡᠲᠡᠭᠡᠳ︾ ᠤᠨ ᠳᠣᠲᠣᠷᠠᠬᠢ ᠡᠳ᠋ ᠤᠨ ᠵᠠᠰᠠᠭ ᠤᠨ | ᠠᠰᠠᠷᠠᠨ ᠲᠡᠵᠢᠭᠡᠬᠦ ᠡᠷᠦᠬᠡ ︵ᠬᠥᠳᠡᠭᠡ ᠲᠣᠰᠬᠤᠨ ᠤ ᠠᠵᠢᠯ ᠠᠴᠠ ᠪᠠᠨ ᠠᠮᠠᠷᠠᠭᠰᠠᠨ ᠪᠠᠭᠰᠢ᠂ ᠭᠡᠷ ᠪᠦᠯᠢ ᠪᠠᠨ | ᠠᠪᠤᠭᠰᠠᠨ ᠲᠠᠷᠢᠶᠠᠴᠢᠨ ᠡᠷᠦᠬᠡ︶᠂ ᠨᠡᠶᠢᠭᠡᠮ ᠤᠨ ᠪᠠᠲᠤᠯᠠᠭᠠᠲᠤ ᠡᠷᠦᠬᠡ ︵ᠥᠪᠡᠰᠦᠪᠡᠨ ᠪᠠᠯᠠ ᠮᠥᠩᠭᠦ | ᠴᠤᠭᠯᠠᠭᠤᠯᠬᠤ ᠪᠠᠷ ᠳᠠᠮᠵᠢᠭᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠠᠪᠢᠨ ᠳᠣᠯᠣᠳᠤᠭᠠᠷ | ᠠᠵᠢᠯᠴᠢᠨ᠂ ᠠᠷᠠᠳ ᠠᠴᠠ ᠡᠷᠭᠢᠯᠡᠭᠰᠡᠨ ᠪᠠᠭᠰᠢ ᠴᠤ ᠲᠠᠷᠢᠶᠠᠯᠠᠩ ᠠᠷᠠᠯᠵᠢᠶ᠎ᠠ ᠵᠡᠷᠭᠡ ᠣᠨᠴᠠᠭᠠᠶ ᠬᠠᠮᠲᠤᠯᠢᠭ ᠤᠨ | ᠳᠠᠭᠠᠳᠬᠠᠯ ᠳᠤ ᠣᠷᠣᠯᠴᠠᠭᠰᠠᠨ ᠲᠠᠷᠢᠶᠠᠴᠢᠨ ᠡᠷᠦᠬᠡ ᠪᠠᠷ ᠯᠠᠪᠯᠠᠯᠲᠠ ᠪᠣᠯᠭᠠᠨ᠎ᠠ︶᠂ ᠠᠰᠲᠠᠭᠠᠨ ᠠᠮᠤᠷ ᠲᠦᠪᠰᠢᠨ | ᠣᠷᠣᠨ ᠰᠠᠭᠤᠴᠠ ᠵᠡᠷᠭᠡ ᠲᠠᠷᠢᠶᠠᠴᠢᠨ ᠡᠷᠦᠬᠡ ᠳᠤ᠂ ᠡᠯ᠎ᠡ ᠰᠢᠶᠠᠩ ᠪᠠᠯᠭᠠᠰᠤ ᠴᠢᠭᠯᠡᠭᠦᠯᠬᠦ ᠴᠢᠨᠠᠷᠲᠠᠶ ᠪᠠᠷ ᠣᠨᠴᠠᠭᠠᠶ | ᠲᠠᠩᠰᠠ ᠡᠪᠬᠡᠮᠡᠯ ᠢ ᠰᠠᠶᠢᠲᠤᠷ ᠬᠢᠵᠦ᠂ ᠬᠡᠷ ᠪᠠᠶᠢᠰᠢᠩ ᠢ ᠥᠭᠡᠷᠡᠴᠢᠯᠡᠬᠦ ᠳᠤᠷᠠᠲᠠᠶ ᠲᠠᠷᠢᠶᠠᠴᠢᠨ ᠡᠷᠦᠬᠡ ᠶᠢᠨ ᠲᠠᠩᠰᠠ | ᠡᠪᠬᠡᠮᠡᠯ ᠤᠨ ᠪᠠᠷᠢᠮᠵᠢᠶ᠎ᠠ ᠳᠤ ︽ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠢᠶᠠᠷ ᠯᠠᠪᠯᠠᠯᠲᠠ ᠪᠣᠯᠭᠠᠵᠤ | ᠂ ᠨᠢᠭᠡ ᠡᠷᠦᠬᠡ ᠳᠤ ᠨᠢᠭᠡ ᠲᠠᠩᠰᠠ ᠡᠪᠬᠡᠮᠡᠯ ᠪᠠᠶᠢᠭᠤᠯᠬᠤ ᠬᠡᠷᠡᠭᠲᠡᠶ︔ ᠭᠡᠷ ᠪᠠᠶᠢᠰᠢᠩ ᠢ ᠥᠭᠡᠷᠡᠴᠢᠯᠡᠬᠦ ᠳᠤᠷ᠎ᠠ | ᠦᠭᠡᠢ ᠲᠠᠷᠢᠶᠠᠴᠢᠨ ᠡᠷᠦᠬᠡ ᠳᠤ ᠴᠢᠭᠯᠡᠭᠦᠯᠦᠨ᠂ ᠲᠠᠩᠰᠠ ᠡᠪᠬᠡᠮᠡᠯ ᠤᠨ ᠠᠭᠤᠯᠭ᠎ᠠ ᠳᠤ ᠡᠷᠬᠡᠪᠰᠢ ᠲᠣᠰ ᠬᠥᠮᠦᠨ ᠨᠢ | ᠣᠷᠣᠨ ᠰᠠᠭᠤᠴᠠ ᠪᠠᠨ ᠥᠭᠡᠷᠡᠴᠢᠯᠡᠨ ᠰᠢᠨᠡᠳᠬᠡᠬᠦ ᠴᠢᠳᠠᠪᠤᠷᠢ ᠲᠠᠢ ᠮᠥᠷᠲᠡᠭᠡᠨ ᠥᠭᠡᠷᠡᠴᠢᠯᠡᠨ ᠰᠢᠨᠡᠳᠬᠡᠬᠦ ᠪᠠᠨ | ᠵᠣᠭᠰᠣᠭᠠᠬᠤ ᠬᠡᠷᠡᠭᠲᠡᠶ︔ ᠠᠰᠲᠠᠭᠠᠨ ᠠᠮᠤᠷ ᠲᠦᠪᠰᠢᠨ ᠣᠷᠣᠨ ᠰᠠᠭᠤᠴᠠ ᠲᠠᠢ ᠲᠠᠷᠢᠶᠠᠴᠢᠨ ᠡᠷᠦᠬᠡ ᠳᠤ | ᠴᠢᠭᠯᠡᠭᠦᠯᠦᠨ᠂ ᠲᠠᠩᠰᠠ ᠡᠪᠬᠡᠮᠡᠯ ᠤᠨ ᠠᠭᠤᠯᠭ᠎ᠠ ᠳᠤ ᠡᠷᠬᠡᠪᠰᠢ ᠲᠡᠭᠦᠨ ᠢ ᠪᠤᠰᠤᠳ ᠭᠠᠵᠠᠷ ᠣᠷᠣᠨ ᠳᠤ ᠠᠮᠤᠷ | ᠲᠦᠪᠰᠢᠨ ᠣᠷᠣᠨ ᠰᠠᠭᠤᠴᠠ ᠲᠠᠢ ᠪᠣᠯᠭᠠᠬᠤ ᠬᠡᠷᠡᠭᠲᠡᠶ᠃ | 3. ︽ᠵᠢᠷᠭᠤᠭᠠᠨ ᠲᠥᠷᠥᠯ ᠤᠨ ᠭᠤᠤᠯᠳᠠᠯᠭᠠᠳᠤ ᠪᠤᠰᠤ ᠡᠲᠡᠭᠡᠳ ︾ ᠤᠨ ᠳᠣᠲᠣᠷᠠᠬᠢ ᠥᠪᠡᠰᠦᠪᠡᠨ ᠪᠠᠯᠠ | ᠴᠤᠭᠯᠠᠭᠤᠯᠬᠤ ᠪᠠ ᠬᠥᠳᠡᠯᠮᠦᠷᠢ ᠬᠦᠴᠦ ᠪᠠᠷ ᠪᠠᠭᠤᠷᠠᠶ ᠪᠠᠶᠢᠭ᠎ᠠ ᠡᠩ ᠤᠨ ᠲᠠᠷᠢᠶᠠᠴᠢᠨ ᠡᠷᠦᠬᠡ ᠳᠤ ᠴᠢᠭᠯᠡᠭᠦᠯᠦᠨ᠂ | ᠰᠢᠶᠠᠩ ᠪᠠᠯᠭᠠᠰᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠳᠤᠯᠤᠨ ᠮᠠᠭᠠᠳᠯᠠᠭᠰᠠᠨ ᠤ ᠳᠠᠷᠠᠭ᠎ᠠ᠂ | ᠰᠢᠨ᠎ᠡ ᠪᠠᠷ ᠪᠠᠶᠢᠭᠤᠯᠤᠭᠰᠠᠨ᠂ ᠰᠡᠯᠪᠢᠨ ᠵᠠᠰᠠᠭᠰᠠᠨ ᠪᠤᠶᠤ ᠭᠡᠷ ᠪᠠᠶᠢᠰᠢᠩ ᠰᠣᠯᠢᠭᠰᠠᠨ ᠲᠠᠷᠢᠶᠠᠴᠢᠨ ᠡᠷᠦᠬᠡ ᠳᠤ | ᠳᠠᠩᠰᠠ ᠡᠪᠬᠡᠮᠡᠯ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠬᠡᠷᠡᠭᠲᠡᠶ᠂ ᠪᠠᠰᠠ ᠨᠢᠭᠡ ᠡᠷᠦᠬᠡ ᠳᠤ ᠨᠢᠭᠡ ᠳᠠᠩᠰᠠ | ᠡᠪᠬᠡᠮᠡᠯ ᠤᠨ ᠳᠦᠷᠢᠮ ᠢ ᠬᠡᠷᠡᠭᠵᠢᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠦᠭᠡᠢ | ᠲᠠᠷᠢᠶᠠᠴᠢᠨ ᠡᠷᠦᠬᠡ ᠳᠤ ᠰᠠᠶᠢᠨ ᠳᠤᠷ᠎ᠠ ᠠᠴᠠ ᠪᠠᠨ ᠭᠡᠷᠡᠴᠢ ᠮᠠᠲ᠋ᠧᠷᠢᠶᠠᠯ ᠢ ᠰᠠᠶᠢᠲᠤᠷ ᠬᠢᠬᠦ ᠬᠡᠷᠡᠭᠲᠡᠶ᠃ | ᠳᠥᠷᠪᠡ᠂ ᠪᠡᠶᠡᠯᠡᠭᠦᠯᠬᠦ ᠴᠠᠭ ᠬᠢᠵᠠᠭᠠᠷ | 2024 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠡᠭᠦᠨ ᠳᠤ 10 ᠰᠠᠷ᠎ᠠ ᠶᠢᠨ | ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠴᠤ ᠰᠢᠯᠭᠠᠨ ᠠᠪᠴᠤ᠂ 12 ᠰᠠᠷ᠎ᠠ ᠶᠢᠨ ᠰᠡᠭᠦᠯᠴᠢ ᠠᠴᠠ ᠡᠮᠦᠨ᠎ᠡ | ᠨᠡᠭᠦᠨ ᠣᠷᠣᠵᠤ ᠰᠠᠭᠤᠨ᠂ ᠲᠠᠩᠰᠠ ᠡᠪᠬᠡᠮᠡᠯ ᠪᠠᠶᠢᠭᠤᠯᠬᠤ ᠪᠠ ᠮᠡᠳᠡᠭᠡ ᠵᠠᠩᠭᠢ ᠣᠷᠣᠭᠤᠯᠬᠤ ᠠᠵᠢᠯ ᠢ ᠵᠡᠷᠭᠡ ᠳᠤᠨᠢ | ᠪᠡᠶᠡᠯᠡᠭᠦᠯᠦᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠡᠯ᠎ᠡ ᠰᠢᠶᠠᠩ ᠪᠠᠯᠭᠠᠰᠤ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠪᠠᠷ | ᠬᠥᠲᠥᠯᠦᠨ ᠵᠢᠯᠣᠭᠤᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠶᠢᠳᠠᠪᠤᠷᠢᠵᠢᠭᠤᠯᠵᠤ᠂ ᠠᠵᠢᠯ ᠤᠨ ᠲᠥᠯᠥᠪᠯᠡᠭᠡ ᠶᠢ ᠵᠦᠶ ᠵᠣᠬᠢᠰᠲᠠᠶ ᠳᠣᠭᠢᠷᠠᠭᠤᠯᠤᠨ᠂ ᠢᠨᠵᠧᠨᠧᠷᠢᠩ ᠤᠨ | ᠬᠡᠷᠡᠭᠵᠢᠭᠦᠯᠦᠯᠲᠡ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ | ᠰᠢᠨᠡᠳᠬᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | | ︵ᠬᠤᠶᠠᠷ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠬᠥᠳᠡᠭᠡ ᠲᠣᠰᠬᠤᠨ ᠤ ᠭᠡᠷ | ᠪᠠᠶᠢᠰᠢᠩ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ | ᠠᠳᠡᠯ ᠢ ᠰᠡᠷᠡᠮᠵᠢᠯᠡᠭᠦᠯᠬᠦ ᠬᠥᠮᠦᠵᠢᠯ ᠢᠶᠠᠷ ᠳᠠᠮᠵᠢᠭᠤᠯᠤᠨ ᠰᠤᠷᠭᠠᠮᠵᠢ ᠠᠪᠬᠤ ᠶᠢᠨ ᠬᠠᠮᠲᠤ ᠵᠠᠭᠤᠴᠢᠯᠠᠭᠤᠷ ᠢ | ᠠᠰᠢᠭᠯᠠᠨ ᠠᠵᠢᠯ ᠤᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠲᠡᠷᠢᠭᠦᠨ ᠤ ᠲᠤᠷᠰᠢᠯᠭ᠎ᠠ ᠠᠷᠭ᠎ᠠ | ᠬᠢᠳᠡᠯ ᠢ ᠭᠦᠶ᠋ᠴᠡᠳ ᠳ᠋ᠦᠩᠨᠡᠨ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠨᠤᠷᠠᠬᠤ ᠠᠶᠤᠯᠲᠠᠶ ᠭᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ ᠪᠠ | ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ︵ᠭᠤᠷᠪᠠ︶ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ᠨᠤᠭᠤᠳ ᠮᠡᠳᠡᠭᠡ | ᠵᠠᠩᠭᠢ ᠶᠢ ᠢᠯᠡ ᠪᠣᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠲᠤᠰᠠᠯᠠᠮᠵᠢ ᠬᠦᠷᠲᠡᠬᠦ ᠡᠲᠡᠭᠡᠳ ᠤᠨ ᠦᠨᠳᠦᠰᠦᠨ ᠮᠡᠳᠡᠭᠡ ᠵᠠᠩᠭᠢ᠂ ᠬᠢᠨᠠᠨ ᠪᠠᠶᠢᠴᠠᠭᠠᠬᠤ | ᠡᠯ᠎ᠡ ᠵᠠᠩᠭᠢᠯᠠᠭ᠎ᠠ ᠶᠢᠨ ᠦᠷ᠎ᠡ ᠳ᠋ᠦᠩ ᠪᠣᠯᠤᠨ ᠲᠤᠰᠠᠯᠠᠮᠵᠢ ᠶᠢᠨ ᠪᠡᠯᠡ ᠮᠥᠩᠭᠦ ᠶᠢᠨ ᠲᠤᠭ᠎ᠠ ᠶᠢ ᠲᠣᠰᠬᠤᠨ ᠤ | ᠶᠠᠪᠤᠳᠠᠯ ᠢ ᠢᠯᠡ ᠪᠣᠯᠭᠠᠬᠤ ᠪᠤᠯᠤᠩ ᠳᠤ ᠨᠡᠶᠢᠲᠡᠯᠡᠬᠦ ᠬᠡᠷᠡᠭᠲᠡᠶ᠃ ᠰᠤᠷᠲᠠᠯ ᠤᠨ ᠵᠠᠰᠠᠯᠲᠠ ᠶᠢ ᠦᠷᠭᠦᠯᠵᠢᠯᠡᠨ | ᠭᠦᠨᠵᠡᠭᠡᠶ ᠥᠷᠨᠢᠭᠦᠯᠵᠦ᠂ ᠡᠯ᠎ᠡ ᠰᠢᠶᠠᠩ ᠪᠠᠯᠭᠠᠰᠤᠨ ᠳᠤ ᠢᠯᠡᠴᠢᠯᠡᠨ ᠮᠡᠳᠡᠭᠦᠯᠬᠦ ᠤᠲᠠᠰᠤ ᠭᠠᠷᠭᠠᠵᠤ᠂ ᠢᠯᠡᠴᠢᠯᠡᠨ | ᠮᠡᠳᠡᠭᠦᠯᠬᠦ ᠵᠠᠬᠢᠳᠠᠯ ᠤᠨ ᠬᠠᠶᠢᠷᠴᠠᠭ ᠭᠠᠷᠭᠠᠵᠤ᠂ ᠣᠯᠠᠨ ᠲᠦᠮᠡᠨ ᠳᠤ ᠳᠥᠭᠦᠮ ᠳᠥᠲᠡ ᠬᠢᠨᠠᠯᠲᠠ ᠲᠠᠯᠪᠢᠵᠤ | ᠢᠯᠡᠴᠢᠯᠡᠨ ᠮᠡᠳᠡᠭᠦᠯᠬᠦ ᠪᠠ ᠠᠰᠠᠭᠤᠳᠠᠯ ᠢ ᠲᠤᠰᠬᠠᠬᠤ ᠠᠷᠭ᠎ᠠ ᠵᠠᠮ ᠬᠠᠩᠭᠠᠬᠤ ᠶᠢᠨ ᠬᠠᠮᠲᠤ ᠣᠯᠠᠨ ᠲᠦᠮᠡᠨ ᠤ | ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠨ ᠰᠢᠢᠳᠪᠤᠷᠢᠯᠡᠵᠦ᠂ ᠣᠯᠠᠨ ᠲᠦᠮᠡᠨ ᠤ ᠠᠰᠢᠭ | ᠲᠤᠰᠠ ᠶᠢ ᠦᠯᠦ ᠬᠠᠶᠢᠬᠤᠷᠬᠤ ᠪᠠ ᠬᠤᠬᠢᠷᠠᠭᠤᠯᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ᠃ |