ᠰᠢᠶᠠᠨ ᠤ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠄ ᠵᠠᠮ ᠳᠠᠭᠠᠭᠰᠠᠨ ᠮᠣᠳᠣᠨ ᠰᠠᠯᠠᠭ᠎ᠠ ᠶᠢ ᠬᠠᠶᠢᠴᠢᠯᠠᠵᠤ ᠠᠮᠤᠷ ᠲᠦᠪᠰᠢᠨ ᠢᠶᠠᠷ ᠭᠠᠳᠠᠭᠰᠢ ᠭᠠᠷᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/8/12
   ᠵᠠᠮ ᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢᠨ ᠲᠥᠯᠥᠭᠡ᠂ ᠵᠠᠮ ᠳᠠᠭᠠᠤ ᠣᠢ ᠮᠣᠳᠣ ᠶᠢ ᠪᠠᠶᠢᠩᠭᠤᠵᠢᠭᠤᠯᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠣᠶᠢᠷ᠎ᠠ ᠳᠤ ᠂ ᠯᠢᠶᠠᠩᠴᠧᠩ ᠰᠢᠶᠠᠨ ᠤ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠨᠢ ᠴᠡᠴᠡᠷᠯᠢᠭ ᠤᠨ ᠥᠷᠲᠡᠭᠡ ᠶᠢᠨ ᠠᠵᠢᠯᠲᠠᠨ ᠢ ᠵᠣᠬᠢᠶᠠᠨ ᠪᠠᠶᠢᠭᠤᠯᠤᠨ ᠬᠤᠲᠠ ᠶᠢᠨ ᠲᠣᠭᠤᠷᠢᠭ ᠤᠨ ᠭᠤᠤᠯ ᠵᠠᠮ ᠤᠨ ᠶᠠᠪᠠᠭᠠᠨ ᠬᠥᠮᠦᠨ᠂ ᠲᠡᠷᠭᠡ ᠨᠡᠪᠲᠡᠷᠡᠬᠦ ᠶᠢ ᠨᠥᠯᠥᠭᠡᠯᠡᠬᠦ ᠵᠢᠴᠢ ᠵᠠᠮ ᠬᠠᠷᠢᠯᠴᠠᠭᠠᠨ ᠤ ᠳᠣᠬᠢᠶᠠᠨ ᠳ᠋ᠧᠩ᠂ ᠵᠠᠮ ᠤᠨ ᠳ᠋ᠧᠩ ᠢ ᠬᠠᠯᠬᠠᠯᠠᠭᠰᠠᠨ ᠵᠠᠮ ᠤᠨ ᠮᠣᠳᠣ ᠮᠣᠳᠣᠨ ᠤ ᠰᠠᠯᠠᠭ᠎ᠠ ᠮᠥᠴᠢᠷ ᠢ ᠰᠡᠯᠪᠢᠨ ᠵᠠᠰᠠᠵᠤ᠂ ᠶᠠᠪᠠᠭᠠᠨ ᠬᠥᠮᠦᠨ ᠤ ᠠᠮᠤᠷ ᠲᠦᠪᠰᠢᠨ ᠪᠠ ᠵᠠᠮ ᠤᠨ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠰᠢᠨ ᠬᠤᠸᠠ ᠵᠡᠭᠡᠯᠢ ᠭᠤᠳᠤᠮᠵᠢ ᠳᠤ᠂ ᠰᠤᠷᠪᠤᠯᠵᠢᠯᠠᠭᠴᠢ ᠴᠡᠴᠡᠷᠯᠢᠭ ᠤᠨ ᠠᠵᠢᠯᠴᠢᠨ ᠮᠣᠳᠣᠨ ᠤ ᠤᠷᠭᠤᠯᠲᠠ ᠲᠠᠢ ᠪᠠᠨ ᠤᠶᠠᠯᠳᠤᠭᠤᠯᠤᠨ᠂ ᠠᠴᠢᠶᠠᠯᠠᠬᠤ ᠮᠠᠰᠢᠨ᠂ ᠲᠣᠰᠣ ᠬᠢᠷᠦᠭᠡ ᠵᠡᠷᠭᠡ ᠶᠢ ᠠᠰᠢᠭᠯᠠᠨ᠂ ᠵᠠᠮ ᠤᠨ ᠬᠤᠶᠠᠷ ᠬᠠᠵᠠᠭᠤ ᠶᠢᠨ ᠵᠠᠮ ᠤᠨ ᠮᠣᠳᠣᠨ ᠤ ᠬᠤᠪᠠᠭ᠋ᠠᠶ ᠰᠠᠯᠠᠭ᠎ᠠ᠂ ᠡᠪᠡᠳᠴᠢᠨ ᠤ ᠰᠠᠯᠠᠭ᠎ᠠ ᠵᠢᠴᠢ ᠰᠣᠯᠪᠢᠴᠠᠭᠰᠠᠨ ᠰᠠᠯᠠᠭ᠎ᠠ᠂ ᠳᠠᠪᠬᠤᠴᠠᠭᠰᠠᠨ ᠰᠠᠯᠠᠭ᠎ᠠ ᠵᠡᠷᠭᠡ ᠰᠤᠯᠠ ᠰᠠᠯᠠᠭ᠎ᠠ ᠶᠢ ᠬᠠᠶᠢᠴᠢᠯᠠᠨ ᠵᠠᠰᠠᠵᠤ᠂ ᠰᠠᠯᠠᠭ᠎ᠠ ᠰᠠᠯᠠᠭᠠᠨ ᠤ ᠨᠢᠭᠲᠠᠴᠠ᠂ ᠪᠠᠶᠢᠷᠢᠰᠢᠯ ᠢ ᠲᠣᠬᠢᠷᠠᠭᠤᠯᠬᠤ ᠶᠢᠨ ᠬᠠᠮᠲᠤ ᠤᠨᠠᠭᠰᠠᠨ ᠮᠣᠳᠣᠨ ᠤ ᠡᠰᠢ᠂ ᠰᠠᠯᠠᠭ᠎ᠠ ᠨᠠᠮᠠᠭ᠎ᠠ᠂ ᠦᠯᠡᠳᠡᠭᠳᠡᠯ ᠨᠠᠪᠴᠢ ᠶᠢ ᠴᠠᠭ ᠲᠤᠬᠠᠶ ᠳᠤᠨᠢ ᠲᠡᠷᠭᠡᠨ ᠳᠤ ᠲᠡᠭᠡᠭᠡᠵᠦ ᠴᠡᠪᠡᠷᠯᠡᠨ ᠲᠡᠭᠡᠭᠡᠪᠦᠷᠢᠯᠡᠵᠦ᠂ ᠠᠵᠢᠯ ᠤᠨ ᠳᠠᠷᠠᠭᠠᠬᠢ ᠭᠠᠵᠠᠷ ᠤᠨ ᠭᠠᠳᠠᠷᠭᠤ ᠶᠢᠨ ᠴᠡᠪᠡᠷ ᠲᠡᠭᠰᠢ ᠰᠠᠭᠠᠳ ᠥᠬᠡᠶ ᠨᠡᠪᠲᠡᠷᠡᠬᠦ ᠶᠢ ᠪᠠᠲᠤᠯᠠᠵᠤ ᠪᠠᠶᠢᠬᠤ ᠶᠢ ᠣᠯᠵᠤ ᠬᠠᠷᠠᠪᠠ᠃ ᠣᠳᠣᠬᠠᠨ ᠪᠣᠯᠲᠠᠯ᠎ᠠ᠂ ᠯᠢᠶᠠᠩᠴᠧᠩ ᠰᠢᠶᠠᠨ ᠤ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠴᠡᠴᠡᠷᠯᠢᠭ ᠤᠨ ᠥᠷᠲᠡᠭᠡ ᠨᠢᠭᠡᠨᠲᠡ 1000 ᠭᠠᠷᠤᠶ ᠭᠤᠤᠯ ᠵᠠᠮ ᠤᠨ ᠵᠠᠮ ᠤᠨ ᠮᠣᠳᠣ ᠶᠢ ᠬᠠᠶᠢᠴᠢᠯᠠᠨ ᠵᠠᠰᠠᠵᠤ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠪᠠᠷ ᠬᠠᠶᠢᠴᠢᠯᠠᠨ ᠵᠠᠰᠠᠬᠤ ᠠᠵᠢᠯ ᠢ ᠪᠦᠬᠦᠨ ᠢ ᠳᠠᠭᠤᠰᠬᠠᠨ᠎ᠠ᠃    ᠬᠤᠲᠠ ᠶᠢᠨ ᠣᠯᠠᠨ ᠨᠡᠢᠲᠡ ᠶᠢᠨ ᠦᠢᠯᠡᠴᠢᠯᠡᠭᠡᠨ ᠤ ᠲᠥᠪ    ᠴᠡᠴᠡᠷᠯᠢᠭ ᠥᠷᠲᠡᠭᠡᠨ ᠳᠠᠷᠤᠭ᠎ᠠ ᠳ᠋ᠤᠸᠠᠨ ᠶᠤᠸᠠᠢ ᠴᠢᠩ    ᠡᠨᠡ ᠵᠢᠯ ᠪᠣᠷᠣᠭᠠᠨ ᠬᠤᠷ᠎ᠠ ᠨᠡᠯᠢᠶᠡᠳ ᠲᠡᠭᠦᠯᠳᠡᠷ᠂ ᠮᠣᠳᠣᠨ ᠤ ᠤᠷᠭᠤᠴᠠ ᠨᠡᠯᠢᠶᠡᠳ ᠥᠨᠳᠥᠷ ᠪᠠᠢᠨ᠎ᠠ᠂ ᠮᠠᠨ ᠤ ᠬᠤᠲᠠ ᠶᠢᠨ ᠣᠯᠠᠨ ᠨᠡᠢᠲᠡ ᠶᠢᠨ ᠦᠢᠯᠡᠴᠢᠯᠡᠭᠡᠨ ᠤ ᠲᠥᠪ ᠬᠠᠮᠢᠶ᠎ᠠ ᠪᠦᠬᠦᠢ ᠬᠥᠮᠦᠰ ᠪᠠ ᠲᠤᠰᠭᠠᠢ ᠮᠡᠷᠭᠡᠵᠢᠯ ᠤᠨ ᠠᠵᠢᠯᠲᠠᠨ ᠢ ᠵᠣᠬᠢᠴᠠᠭᠤᠯᠤᠨ ᠮᠣᠳᠣ ᠶᠢ ᠡᠮᠬᠢ ᠵᠢᠷᠤᠮ ᠲᠠᠢ ᠪᠠᠷ ᠬᠠᠢᠴᠢᠯᠠᠵᠤ᠂ ᠬᠠᠢᠴᠢᠯᠠᠵᠤ ᠪᠠᠢᠭᠠᠳ ᠮᠣᠳᠣᠨ ᠤ ᠡᠷᠡᠭᠦᠯ ᠴᠢᠭᠢᠷᠠᠭ᠂ ᠭᠤᠶᠣ ᠰᠠᠢᠬᠠᠨ ᠢ ᠪᠠᠲᠤᠯᠠᠵᠤ᠂ ᠮᠣᠳᠣᠨ ᠤ ᠤᠷᠭᠤᠯᠲᠠ ᠶᠢ ᠠᠬᠢᠭᠤᠯᠵᠤ᠂ ᠭᠡᠮ ᠬᠤᠷᠣᠬᠠᠢ ᠶᠢᠨ ᠬᠥᠨᠥᠭᠡᠯ ᠢ ᠰᠡᠷᠭᠡᠢᠯᠡᠨ ᠵᠠᠰᠠᠬᠤ ᠶᠢᠨ ᠬᠠᠮᠲᠤ ᠮᠣᠳᠣᠨ ᠤ ᠳᠦᠷᠢ ᠨᠢ ᠴᠡᠴᠡᠷᠯᠢᠭ ᠤᠨ ᠪᠠᠷᠢᠮᠵᠢᠶ᠎ᠠ ᠳᠤ ᠨᠡᠩ ᠰᠠᠢᠨ ᠨᠡᠢᠴᠡᠵᠦ᠂ ᠶᠠᠪᠠᠭᠠᠨ ᠬᠥᠮᠦᠨ ᠤ ᠵᠠᠮ ᠬᠠᠷᠢᠯᠴᠠᠭᠠᠨ ᠤ ᠠᠮᠤᠷ ᠲᠦᠪᠱᠢᠨ ᠢ ᠪᠠᠰᠠ ᠪᠠᠲᠤᠯᠠᠵᠤ ᠴᠢᠳᠠᠨ᠎ᠠ    ᠰᠠᠯᠠᠭ᠎ᠠ ᠨᠠᠮᠠᠭ᠎ᠠ ᠶᠢ ᠵᠠᠰᠠᠵᠤ ᠬᠠᠶᠢᠴᠢᠯᠠᠬᠤ ᠪᠠᠷ ᠲᠠᠮᠵᠢᠨ᠂ ᠤᠤᠯ ᠨᠢ ᠰᠠᠬᠤᠯᠢᠭ ᠰᠠᠯᠠᠭ᠎ᠠ ᠨᠠᠮᠠᠭ᠎ᠠ ᠶᠢ ᠬᠠᠯᠬᠠᠯᠠᠭᠰᠠᠨ ᠵᠠᠮ ᠤᠨ ᠳ᠋ᠧᠩ᠂ ᠬᠤᠳᠠᠯᠳᠤᠭᠠᠴᠢᠨ ᠤ ᠳᠡᠯᠭᠡᠭᠦᠷ ᠨᠢ ᠲᠠᠬᠢᠨ ︽ᠳᠡᠯᠭᠡᠨ ᠦᠵᠡᠭᠦᠯᠬᠦ︾ ᠶᠢᠨ ᠬᠠᠮᠲᠤ ᠂ ᠬᠠᠶᠢᠴᠢᠯᠠᠭᠰᠠᠨ ᠤ ᠳᠠᠷᠠᠭᠠᠬᠢ ᠵᠠᠮ ᠤᠨ ᠮᠣᠳᠣ ᠶᠢ ᠵᠢᠭᠳᠡ ᠵᠢᠷᠤᠭᠯᠠᠵᠤ᠂ ᠮᠣᠳᠣᠨ ᠤ ᠪᠠᠶᠢᠭᠠᠯᠢ ᠶᠢᠨ ᠰᠠᠶᠢᠬᠠᠨ ᠰᠡᠳᠬᠢᠯᠭᠡ ᠶᠢ ᠦᠯᠡᠳᠡᠭᠡᠵᠦ᠂ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃ ᠯᠢᠶᠠᠩᠴᠧᠩ ᠰᠢᠶᠠᠨ ᠤ ᠰᠢᠨ ᠬᠤᠸᠠ ᠵᠠᠮ ᠤᠨ ᠢᠳᠡᠰᠢᠨ ᠨᠣᠭᠤᠭᠠᠨ ᠤ ᠪᠠᠭᠰᠤᠷᠭ᠎ᠠ ᠶᠢᠨ ᠳᠡᠯᠭᠡᠭᠦᠷ ᠤᠨ ᠡᠵᠡᠨ ᠬᠤᠤ ᠶᠦᠩ ᠶᠦᠩ ᠬᠡᠯᠡᠭᠰᠡᠨ ᠨᠢ ᠄ ︽ᠥᠩᠭᠡᠷᠡᠭᠰᠡᠨ ᠳᠤ ᠮᠣᠳᠣ ᠮᠠᠰᠢ ᠢᠭᠴᠤ ᠰᠠᠬᠤᠯᠢᠭ ᠤᠷᠭᠤᠵᠤ᠂ ᠡᠭᠦᠳᠡᠨ ᠨᠢᠭᠤᠷ ᠤᠨ ᠭᠡᠷ ᠤᠨ ᠬᠠᠰᠢᠵᠤ ᠪᠠᠶᠢᠭᠰᠠᠨ ᠬᠠᠷ᠎ᠠ ᠳᠠᠷᠤᠴᠠ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠨᠢ ᠪᠢᠳᠡᠨ ᠳᠤ ᠮᠣᠳᠣ ᠶᠢ ᠵᠠᠰᠠᠵᠤ ᠥᠭᠭᠦᠭᠰᠡᠨ ᠤ ᠳᠠᠷᠠᠭ᠎ᠠ᠂ ᠡᠭᠦᠳᠡᠨ ᠨᠢᠭᠤᠷ ᠤᠨ ᠭᠡᠷ ᠮᠠᠰᠢ ᠭᠡᠭᠡᠨ ᠰᠠᠷᠠᠭᠤᠯ ᠪᠣᠯᠵᠤ᠂ ᠪᠢᠳᠡᠨ ᠤ ᠠᠷᠠᠯᠵᠢᠶ᠎ᠠ ᠬᠢᠬᠦ ᠳᠤ ᠮᠠᠰᠢ ᠶᠡᠭᠡ ᠠᠰᠢᠭ ᠲᠤᠰᠠ ᠲᠠᠢ ᠪᠣᠯᠵᠠᠢ︾ ᠭᠡᠪᠡ᠃                                        ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2