ᠯᠢᠶᠠᠩᠴᠧᠩ ᠰᠢᠶᠠᠨ ᠤ ᠵᠥᠩ ᠷᠠᠨ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ᠄ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/8/14
ᠲᠦᠷᠭᠡᠨ ᠬᠥᠭᠵᠢᠵᠦ ᠪᠠᠶᠢᠭ᠎ᠠ ᠤᠳᠤ ᠦᠶ᠎ᠡ ᠶᠢᠨ ᠨᠡᠶᠢᠭᠡᠮ ᠳᠤ᠂ ᠰᠢᠲᠠᠮᠠᠬᠠᠶ ᠬᠡᠢ ᠨᠢ ᠴᠡᠪᠡᠷ ᠡᠨᠧᠷᠭᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠲᠡᠭᠦᠨ ᠢ ᠲᠦᠭᠡᠮᠡᠯᠵᠢᠭᠦᠯᠬᠦ ᠪᠠ ᠬᠡᠷᠡᠭᠯᠡᠬᠦ ᠨᠢ ᠰᠠᠭᠤᠭᠠᠯᠢ ᠠᠷᠠᠳ ᠤᠨ ᠠᠮᠢᠳᠤᠷᠠᠯ ᠤᠨ ᠳᠥᠭᠦᠮ ᠳᠥᠲᠡ ᠴᠢᠨᠠᠷ ᠪᠣᠯᠤᠨ ᠲᠠᠭᠠᠯᠠᠮᠵᠢᠲᠠᠶ ᠴᠢᠨᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ᠭᠡᠲᠡᠯ᠎ᠡ ᠰᠢᠲᠠᠮᠠᠬᠠᠶ ᠬᠡᠢ ᠶᠢᠨ ᠠᠮᠤᠷ ᠲᠦᠪᠰᠢᠨ ᠤ ᠠᠰᠠᠭᠤᠳᠠᠯ ᠨᠢ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠤᠨ ᠲᠥᠪ ᠪᠣᠯᠵᠠᠶ᠃ ᠯᠢᠶᠠᠩᠴᠧᠩ ᠰᠢᠶᠠᠨ ᠤ ᠵᠦᠩ ᠷᠠᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨᠵᠡᠭᠡᠢ ᠣᠶᠢᠯᠠᠭᠠᠵᠤ᠂ ᠢᠮᠠᠭᠲᠠ ᠲᠦᠮᠡᠨ ᠡᠷᠦᠬᠡ ᠶᠢᠨ ᠠᠮᠤᠷ ᠲᠦᠪᠰᠢᠨ ᠢᠶᠠᠷ ᠬᠡᠢ ᠬᠡᠷᠡᠭᠯᠡᠬᠦ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠠᠯᠢ ᠤᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ ᠯᠠᠪᠳᠠᠭᠤᠨ ᠪᠠᠲᠤᠲᠠᠢ ᠠᠵᠢᠯᠯᠠᠬᠤ ᠪᠠᠷ ᠳᠠᠮᠵᠢᠭᠤᠯᠵᠤ᠂ ᠯᠢᠶᠠᠩᠴᠧᠩ ᠰᠢᠶᠠᠨ ᠤ ᠰᠠᠭᠤᠭᠠᠯᠢ ᠠᠷᠠᠳ ᠲᠤ ᠪᠠᠲᠤ ᠪᠠᠬᠢ ᠠᠮᠤᠷ ᠲᠦᠪᠰᠢᠨ ᠢᠶᠠᠷ ᠬᠡᠷᠡᠭᠯᠡᠬᠦ ᠲᠣᠣᠷ ᠢ ᠨᠡᠬᠡᠵᠡᠢ᠃
        ᠣᠶᠢᠷ᠎ᠠ ᠳᠤ᠂ ᠰᠤᠷᠪᠤᠯᠵᠢᠯᠠᠭᠴᠢ ᠳᠤᠮᠳᠠᠳᠤ ᠤᠯᠤᠰ ᠤᠨ ᠰᠢᠲᠠᠮᠠᠬᠠᠶ ᠬᠡᠶ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠳᠠᠭᠠᠵᠤ ᠳ᠋ᠢ ᠱᠦᠢ ᠵᠢᠵᠢᠭ ᠲᠣᠭᠤᠷᠢᠭ ᠲᠤ ᠭᠦᠨᠵᠡᠭᠡᠶᠢᠷᠡᠨ᠂ ᠠᠵᠢᠯᠲᠠᠨ ᠬᠡᠷᠡᠭᠯᠡᠭᠴᠢ ᠳᠤ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢ ᠬᠦᠯᠢᠴᠡᠩᠭᠦᠶ ᠨᠢᠮᠪᠠᠶ ᠲᠠᠶᠢᠯᠪᠤᠷᠢᠯᠠᠨ ᠥᠭᠴᠦ᠂ ᠬᠡᠷᠡᠭᠯᠡᠬᠦ ᠡᠷᠦᠬᠡ ᠴᠥᠮ ᠰᠢᠲᠠᠮᠠᠬᠠᠶ ᠬᠡᠶ ᠶᠢᠨ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠡᠵᠡᠮᠰᠢᠵᠦ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠪᠠᠭᠠᠰᠬᠠᠬᠤ ᠶᠢ ᠦᠨᠡᠨ ᠬᠦ ᠪᠠᠲᠤᠯᠠᠪᠠ᠃ ᠬᠡᠷᠡᠭᠯᠡᠭᠴᠢ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠯᠢᠶᠠᠩᠴᠧᠩ ᠳᠤ ︽24 ᠴᠠᠭ ᠤᠨ ᠦᠢᠯᠡᠴᠢᠯᠡᠭᠡᠨ ᠤ ᠤᠲᠠᠰᠤ︾ ᠣᠨᠴᠠᠭᠠᠶᠢᠯᠠᠨ ᠭᠠᠷᠭᠠᠭᠰᠠᠨ ᠪᠠᠶᠢᠨ᠎ᠠ᠃ ᠡᠨᠡ ᠬᠦ ᠠᠷᠭ᠎ᠠ ᠬᠡᠮᠵᠢᠶ᠎ᠡ ᠨᠢ ᠬᠡᠷᠡᠭᠯᠡᠭᠴᠢ ᠶᠢᠨ ᠵᠠᠰᠠᠨ ᠰᠠᠶᠢᠵᠢᠷᠠᠭᠤᠯᠬᠤ ᠪᠠ ᠠᠰᠠᠭᠤᠨ ᠯᠠᠪᠯᠠᠬᠤ ᠴᠠᠭ ᠢ ᠲᠦᠢᠯ ᠤᠨ ᠶᠡᠭᠡ ᠪᠠᠷ ᠪᠣᠭᠤᠨᠢᠰᠬᠠᠵᠠᠢ᠂ ᠰᠥᠨᠢ ᠳᠦᠯᠢ ᠪᠤᠶᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠭᠡᠰᠡᠨ ᠦᠭᠡᠢ᠂ ᠬᠡᠷᠡᠭᠯᠡᠭᠴᠢ ᠬᠡᠷᠡᠭᠴᠡᠭᠡ ᠲᠠᠢ ᠯᠡ ᠶᠤᠮ ᠪᠣᠯ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠪᠦᠷ ᠳᠠᠷᠤᠢ ᠲᠦᠷᠭᠡᠨ ᠴᠤᠤᠷᠢᠶᠠᠲᠤᠨ ᠳᠠᠭᠠᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠴᠢᠳᠠᠨ᠎ᠠ᠃ ᠡᠨᠡ ᠬᠦ ᠪᠦᠬᠦᠯᠢ ᠡᠳᠦᠷ ᠤᠨ᠂ ᠥᠨᠴᠥᠭ ᠪᠤᠯᠤᠩ ᠥᠬᠡᠶ ᠦᠢᠯᠡᠴᠢᠯᠡᠭᠡᠨ ᠤ ᠵᠠᠭᠪᠤᠷ ᠨᠢ ᠥᠷᠭᠡᠨ ᠣᠯᠠᠨ ᠰᠠᠭᠤᠭᠠᠯᠢ ᠠᠷᠠᠳ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ ᠰᠠᠭᠤᠭᠠᠯᠢ ᠠᠷᠠᠳ ᠰᠢᠶᠤᠤ ᠷᠠᠨ᠄ ︽ᠮᠢᠨᠦ ᠦᠵᠡᠬᠦ ᠪᠠᠷ ᠮᠠᠨ ᠤ ᠯᠢᠶᠠᠩᠴᠧᠩ ᠳᠤ ᠨᠣᠴᠣᠵᠣ ᠪᠠᠶᠢᠭ᠎ᠠ ᠠᠵᠢᠯᠲᠠᠨ ᠤ ᠦᠢᠯᠡᠴᠢᠯᠡᠬᠡᠨ ᠤ ᠣᠪᠣᠷ ᠮᠠᠰᠢ ᠰᠠᠶᠢᠨ᠂ ᠲᠣᠭᠲᠠᠭᠰᠠᠨ ᠬᠤᠭᠤᠴᠠᠭ᠎ᠠ ᠲᠠᠢ ᠪᠠᠷ ᠮᠠᠨ ᠤ ᠬᠡᠷ ᠲᠤᠨᠢ ᠬᠦᠷᠴᠦ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠵᠢᠱᠢᠶᠡᠯᠡᠪᠡᠯ ᠦᠳᠡᠰᠢ ᠦᠳᠡᠰᠢ ᠰᠡᠯᠪᠢᠨ ᠵᠠᠰᠠᠬᠤ ᠤᠲᠠᠰᠤ ᠠᠪᠴᠤ᠂ ᠰᠡᠯᠪᠢᠨ ᠵᠠᠰᠠᠬᠤ ᠠᠵᠢᠯᠲᠠᠨ ᠪᠠᠰᠠ ᠴᠠᠭ ᠲᠤᠬᠠᠶ ᠳᠤᠨᠢ ᠬᠡᠷ ᠲᠤᠨᠢ ᠬᠦᠷᠴᠦ ᠦᠢᠯᠡᠴᠢᠯᠡᠨ᠎ᠡ︾ ᠬᠡᠵᠡᠢ᠃
   ᠠᠶᠤᠯᠭᠦᠢ ᠦᠢᠯᠡᠳᠪᠦᠷᠢᠯᠡᠯ ᠨᠢ ᠥᠨᠳᠥᠷ ᠬᠡᠪ ᠪᠣᠯᠪᠠᠰᠤᠷᠠᠯ ᠲᠠᠢ ᠠᠵᠢᠯᠲᠠᠨ ᠤ ᠡᠩᠨᠡᠭᠡ ᠠᠴᠠ ᠰᠠᠯᠵᠤ ᠴᠢᠳᠠᠬᠤ ᠦᠭᠡᠢ᠃ ᠯᠢᠶᠠᠩᠴᠧᠩ ᠳᠤ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠥᠮᠦᠵᠢᠯ ᠪᠣᠯᠤᠨ ᠪᠣᠯᠪᠠᠰᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠪᠣᠯᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠺᠣᠮᠫᠠᠨᠢ ᠪᠠᠰᠠ ᠪᠦᠷᠢᠨ ᠲᠡᠭᠦᠯᠳᠡᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠱᠠᠳᠤ ᠱᠠᠳᠤ ᠪᠠᠷ ᠵᠠᠳᠠᠯᠵᠤ᠂ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠶᠠᠪᠤᠳᠠᠯ ᠪᠦᠬᠦᠨ ᠳᠤ ᠠᠮᠤᠷ ᠲᠦᠪᠰᠢᠨ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠠᠯᠢ ᠣᠯᠠᠨ ᠯᠠᠪᠳᠠᠭᠤᠨ ᠪᠠᠲᠤᠲᠠᠶ ᠪᠦᠲᠦᠮᠵᠢᠲᠡᠶ ᠠᠵᠢᠯ ᠢᠶᠠᠷ ᠳᠠᠮᠵᠢᠭᠤᠯᠤᠨ᠂ ᠯᠢᠶᠠᠩᠴᠧᠩ ᠳᠤ ᠠᠶᠤᠯᠭᠦᠶ ᠦᠶ᠋ᠯᠡᠳᠪᠦᠷᠢᠯᠡᠯ ᠪᠠ ᠦᠶ᠋ᠯᠡᠴᠢᠯᠡᠭᠡᠨ ᠤ ᠶᠠᠰᠤ ᠴᠢᠨᠠᠷ ᠤᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠰᠠᠭᠤᠭᠠᠯᠢ ᠠᠷᠠᠳ ᠤᠨ ᠰᠢᠲᠠᠮᠠᠬᠠᠶ ᠬᠡᠶ ᠶᠢ ᠠᠮᠤᠷ ᠲᠦᠪᠰᠢᠨ ᠢᠶᠠᠷ ᠬᠡᠷᠡᠭᠯᠡᠬᠦ ᠦᠵᠡᠯ ᠤᠬᠠᠮᠰᠠᠷ ᠨᠡᠶᠢᠳᠡᠮ ᠳᠡᠭᠡᠨ ᠳᠡᠭᠡᠭᠰᠢᠯᠡᠵᠦ᠂ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠪᠠ᠃                                         ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2