ᠮᠠᠨ ᠤ ᠰᠢᠶᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠰᠥᠨᠢ ᠶᠢᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/8/16
   ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠭᠦᠨᠵᠡᠭᠡᠶ ᠠᠬᠢᠭᠤᠯᠵᠤ᠂ ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠲᠥᠯᠥᠭᠡ᠂ 8 ᠰᠠᠷ᠎ᠠ ᠶᠢᠨ 14 ᠤ ᠡᠳᠦᠷ ᠤᠨ ᠣᠷᠣᠶ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠯ ᠤᠨᠲᠠᠷᠠᠭᠠᠬᠤ ᠠᠮᠤᠷ ᠲᠦᠪᠰᠢᠨ ᠤ ᠲᠥᠪᠯᠡᠷᠡᠩᠭᠦᠶ ᠰᠥᠨᠢ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃    ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ︽ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠤᠬᠠᠭᠤᠯᠬᠤ︾ ᠵᠠᠷᠴᠢᠮ ᠶᠣᠰᠣᠭᠠᠷ᠂ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ᠂ ᠲᠣᠭᠲᠠᠭᠠᠯ ᠠᠴᠠ ᠵᠥᠷᠢᠴᠡᠨ ᠲᠠᠷᠬᠠᠭᠠᠬᠤ ᠵᠠᠮ ᠪᠠ ᠠᠮᠤᠷ ᠲᠦᠪᠰᠢᠨ ᠭᠠᠷᠬᠤ ᠡᠭᠦᠳᠡ ᠶᠢ ᠡᠵᠡᠯᠡᠨ ᠬᠡᠷᠡᠭᠯᠡᠬᠦ᠂ ᠲᠣᠭᠲᠠᠭᠠᠯ ᠠᠴᠠ ᠵᠥᠷᠢᠴᠡᠨ ︽ᠠᠰᠠᠷ ᠲᠤ ᠣᠷᠣᠵᠤ ᠡᠷᠦᠬᠡ ᠳᠤ ᠣᠷᠣᠬᠤ︾᠂ ︽ᠤᠲᠠᠰᠤ ᠪᠠᠷ ᠴᠠᠬᠢᠯᠭᠠᠨ ᠴᠡᠨᠡᠭᠯᠡᠬᠦ︾ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠡᠭᠦᠨ ᠤ ᠬᠠᠮᠲᠤ ᠲᠤᠬᠠᠶ ᠶᠢᠨ ᠲᠠᠯᠠᠪᠤᠷ ᠲᠤ ᠢᠳᠬᠠᠬᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ᠂ ᠰᠠᠭᠤᠭᠠᠯᠢ ᠠᠷᠠᠳ ᠲᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠲᠦᠷᠢᠮ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠬᠠᠮᠠᠭᠠᠯᠠᠬᠤ ᠶᠢ ᠬᠥᠲᠥᠯᠦᠨ ᠵᠢᠯᠣᠭᠤᠳᠪᠠ᠃    ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠡᠯ᠎ᠡ ᠬᠤᠯᠪᠣᠭᠳᠠᠯ ᠪᠦᠬᠦᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠣᠯᠠᠨ ᠲᠦᠮᠡᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠡᠷᠡᠭᠯᠡᠯᠲᠡ ᠪᠠ ᠬᠠᠮᠢᠶᠠᠷᠤᠯᠲᠠ ᠳᠤᠮᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃                                      ᠨᠠᠶᠢᠷᠠᠭᠤᠯᠤᠭᠴᠢ᠄   ᠶᠠᠩ  ᠿᠦᠢ ᠵᠧᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2