ᠯᠢᠶᠠᠩᠴᠧᠩ ᠰᠢᠶᠠᠨ ᠤ ᠮᠠᠶᠢᠬᠠᠨᠳᠤ  ᠪᠠᠯᠭᠠᠰᠤ᠄ ᠰᠢᠨ᠎ᠡ ᠰᠣᠷᠭᠤᠭ ᠡᠷᠳᠡᠨᠢ ᠰᠢᠰᠢ ᠶᠢ ᠡᠳ᠋ᠰᠢᠭᠦᠯᠬᠦ ᠨᠢ ᠲᠠᠷᠢᠶᠠᠴᠢᠳ ᠤᠨ ᠣᠷᠣᠯᠭ᠎ᠠ ᠶᠢ ᠪᠠᠰᠠ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/8/22
   ᠤᠢᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠮᠠᠶᠢᠬᠠᠨᠳᠤ  ᠪᠠᠯᠭᠠᠰᠤ ᠰᠢᠨ᠎ᠡ ᠰᠣᠷᠭᠤᠭ ᠡᠷᠳᠡᠨᠢ ᠰᠢᠰᠢ ᠶᠢᠨ ᠦᠢᠯᠡᠳᠪᠦᠷᠢᠯᠡᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠨᠠᠷᠢᠯᠢᠭ ᠪᠣᠯᠪᠠᠰᠤᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ︽ᠦᠢᠯᠡᠳᠪᠦᠷᠢᠯᠡᠯ ᠡᠳ᠋ᠰᠢᠭᠦᠯᠵᠦ ᠪᠣᠷᠣᠯᠠᠭᠤᠯᠬᠤ︾᠎ ᠶᠢ ᠨᠢᠭᠡ ᠴᠤᠬᠴᠠᠵᠢᠭᠤᠯᠤᠨ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠮ ᠢ ᠨᠡᠭᠡᠭᠡᠵᠦ᠂ ᠬᠡᠰᠡᠭ ᠤᠯᠠᠨ ᠲᠦᠮᠡᠨ ᠢ ︽ᠭᠡᠷ ᠤᠨ ᠡᠭᠦᠳᠡ︾᠎ ᠪᠠᠷ ᠠᠵᠢᠯ ᠣᠯᠭᠤᠬᠤ ᠶᠢ ᠪᠡᠶᠡᠯᠡᠭᠦᠯᠪᠡ᠃
       ᠮᠠᠶᠢᠬᠠᠨᠳᠤ  ᠪᠠᠯᠭᠠᠰᠤᠨ ᠤ ᠹᠦ᠋ ᠺᠠᠩ ᠢᠳᠡᠰᠢᠨ ᠨᠣᠭᠤᠭ᠎ᠠ ᠶᠢᠨ ᠲᠤᠰᠬᠠᠶ ᠬᠤᠷᠰᠢᠶ᠎ᠠ ᠳᠤ ᠣᠷᠣᠬᠤ ᠳᠤ᠂ ᠠᠵᠢᠯᠴᠢᠳ ᠡᠷᠳᠡᠨᠢ ᠰᠢᠰᠢ ᠶᠢ ᠰᠢᠯᠢᠨ ᠰᠣᠩᠭᠤᠬᠤ᠂ ᠬᠠᠯᠢᠰᠤᠯᠠᠵᠤ᠂ ᠥᠩᠭᠡ ᠪᠤᠳᠤᠭ ᠨᠢ ᠰᠣᠷᠭᠤᠭ᠂ ᠮᠥᠬᠦᠯᠢᠭ ᠨᠢ ᠲᠡᠭᠦᠯᠳᠡᠷ ᠡᠷᠳᠡᠨᠢ ᠰᠢᠰᠢ ᠶᠢ ᠤᠬᠢᠶᠠᠵᠤ ᠴᠡᠪᠡᠷᠯᠡᠬᠦ᠂ ᠵᠢᠩᠨᠡᠵᠦ ᠴᠢᠨᠠᠬᠤ᠂ ᠪᠣᠭᠤᠳᠠᠯᠯᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ ᠪᠦᠷᠢᠨ ᠲᠡᠭᠦᠯᠳᠡᠷ ︽ᠬᠤᠪᠢᠷᠠᠯᠲᠠ︾᠎ ᠶᠢ ᠪᠡᠶᠡᠯᠡᠭᠦᠯᠵᠦ ᠪᠠᠶᠢᠨ᠎ᠠ᠃
         ᠡᠨᠡ ᠵᠢᠯ 55 ᠨᠠᠰᠤᠲᠠᠢ ᠳ᠋ᠤᠸᠠᠨ ᠱᠦᠢ ᠶᠦᠨ ᠪᠣᠯ ᠮᠠᠶᠢᠬᠠᠨᠳᠤ ᠪᠠᠯᠭᠠᠰᠤᠨ ᠤ ᠶᠠᠩ ᠯᠢ ᠵᠢᠶᠠ ᠲᠣᠰᠬᠤᠨ ᠤ ᠠᠷᠠᠳ ᠪᠣᠯᠤᠨ᠎ᠠ᠂ ᠤᠴᠢᠷ ᠨᠢ ᠭᠡᠷ ᠠᠴᠠ ᠪᠠᠨ ᠣᠶᠢᠷᠠᠬᠠᠨ ᠪᠥᠭᠡᠳ ᠲᠠᠷᠢᠶᠠᠯᠠᠩ ᠤᠨ ᠰᠡᠯᠡᠭᠦᠤ ᠴᠠᠭ ᠲᠤ ᠬᠤᠷᠰᠢᠶ᠎ᠠ ᠬᠡᠷᠡᠭᠯᠡᠬᠦ ᠪᠦᠷᠢ ᠲᠡᠷᠡ ᠪᠦᠷ ᠢᠷᠡᠵᠦ ᠬᠦᠴᠦ ᠶᠠᠪᠤᠨ᠎ᠠ᠃ ᠲᠣᠰᠬᠤᠨ ᠤ ᠠᠷᠠᠳ ᠳ᠋ᠤᠸᠠᠨ ᠱᠦᠢ ᠶᠦᠨ᠄ ᠣᠶᠢᠷ᠎ᠠ ᠳᠤ ᠲᠠᠷᠢᠶᠠᠨ ᠭᠠᠵᠠᠷ ᠴᠤ ᠶᠠᠭᠠᠷᠠᠤ ᠦᠭᠡᠢ᠂ ᠡᠷᠳᠡᠨᠢ ᠰᠢᠰᠢ ᠶᠢᠨ ᠦᠢᠯᠡᠳᠪᠦᠷᠢ ᠠᠵᠢᠯ ᠡᠬᠢᠯᠡᠭᠦᠯᠵᠡᠢ᠂ ᠪᠢᠳᠡ ᠵᠢᠭᠠᠬᠠᠨ ᠠᠵᠢᠯ ᠬᠢᠵᠦ᠂ ᠵᠢᠭᠠᠬᠠᠨ ᠭᠡᠷ ᠳᠣᠲᠣᠷᠠᠬᠢ ᠣᠷᠣᠯᠭ᠎ᠠ ᠨᠡᠮᠡᠵᠦ᠂ ᠨᠢᠭᠡ ᠬᠡᠰᠡᠭ ᠬᠤᠭᠤᠴᠠᠭ᠎ᠠ ᠬᠢᠵᠦ ᠳᠡᠶᠢᠯᠦᠨ᠎ᠡ᠂ ᠮᠠᠰᠢ ᠰᠠᠶᠢᠨ᠃
      ᠤᠢᠢᠷ᠎ᠠ ᠶᠢᠨ ᠵᠢᠯ ᠠᠴᠠ᠂ ᠮᠠᠶᠢᠬᠠᠨᠳᠤ ᠪᠠᠯᠭᠠᠰᠤ ᠲᠣᠰᠬᠤᠨ ᠤ ᠨᠠᠮ ᠤᠨ ᠡᠭᠦᠷ ᠠᠴᠠ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠪᠠᠶᠠᠵᠢᠯ ᠤᠨ ᠳᠠᠭᠠᠭᠤᠯᠤᠭᠴᠢ ᠶᠢ ᠵᠣᠬᠢᠴᠠᠭᠤᠯᠤᠨ ᠠᠬᠢᠭᠤᠯᠵᠤ ᠯᠢᠶᠠᠩᠴᠧᠩ ᠰᠢᠶᠠᠨ ᠤ ᠹᠦ᠋ ᠺᠠᠩ ᠢᠳᠡᠰᠢᠨ ᠨᠣᠭᠤᠭ᠎ᠠ ᠲᠠᠷᠢᠬᠤ ᠲᠤᠰᠬᠠᠢ ᠬᠤᠷᠰᠢᠶ᠎ᠠ ᠶᠢ ᠪᠠᠶᠢᠭᠤᠯᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠲᠤ ᠠᠵᠢᠯ ᠤᠨ ᠪᠠᠶᠢᠷᠢ ᠬᠠᠩᠭᠠᠭᠰᠠᠭᠠᠷ ᠢᠷᠡᠵᠠᠢ᠃ ᠣᠳᠣᠬᠠᠨ ᠳᠤ᠂ ᠬᠤᠷᠰᠢᠶ᠎ᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠲᠠᠷᠢᠶᠠᠯᠠᠩ ᠤᠨ ᠶᠠᠭᠠᠷᠠᠤ ᠦᠶ᠎ᠡ ᠳᠤ ᠳ᠋ᠤᠸᠠᠨ ᠱᠦᠢ ᠶᠦᠨ ᠰᠢᠭ ᠭᠡᠷ ᠤᠨ ᠡᠭᠦᠳᠡᠨ ᠳᠤ ᠠᠵᠢᠯ ᠣᠯᠤᠭᠰᠠᠨ ᠲᠠᠷᠢᠶᠠᠴᠢᠨ 50 ᠭᠠᠷᠤᠶ ᠬᠥᠮᠦᠨ ᠲᠠᠢ ᠪᠣᠯᠵᠤ᠂ ᠣᠶᠢᠷ᠎ᠠ ᠬᠠᠪᠢ ᠳᠠᠭᠠᠨ ᠡᠷᠭᠢᠨ ᠲᠣᠭᠤᠷᠢᠨ ᠤ ᠲᠣᠰᠬᠤᠨ ᠤ ᠠᠷᠠᠳ ᠢ ᠡᠯᠰᠡᠨ ᠬᠦᠴᠦ ᠶᠠᠪᠤᠭᠤᠯᠵᠤ᠂ ᠬᠤᠷᠰᠢᠶ᠎ᠠ ᠶᠢᠨ ︽ᠠᠵᠢᠯᠴᠢᠨ ᠬᠡᠷᠡᠭᠯᠡᠬᠦ ᠳᠤ ᠬᠦᠴᠢᠷ︾᠎ ᠢ ᠰᠢᠢᠳᠪᠦᠷᠢᠯᠡᠭᠰᠡᠨ ᠮᠥᠷᠲᠡᠭᠡᠨ ᠪᠠᠰᠠ ᠲᠡᠳᠡᠨ ᠳᠤ ᠢᠯᠡᠭᠦᠴᠡ ᠣᠷᠣᠯᠭ᠎ᠠ ᠣᠯᠤᠭᠰᠠᠨ ᠪᠠᠶᠢᠨ᠎ᠠ᠃
      ᠹᠦ᠋ ᠺᠠᠩ ᠢᠳᠡᠰᠢᠨ ᠨᠣᠭᠤᠭᠠᠨ ᠤ ᠲᠤᠰᠬᠠᠶ ᠬᠤᠷᠰᠢᠶᠠᠨ ᠤ ᠬᠠᠷᠢᠭᠤᠴᠠᠯᠭᠠᠲᠠᠨ ᠢᠦᠶ ᠯᠢᠨ ᠶᠤᠸᠠᠨ ᠲᠠᠨᠢᠯᠴᠠᠭᠤᠯᠬᠤ ᠳᠠᠭᠠᠨ᠄ ᠮᠠᠨ ᠤ ᠡᠷᠳᠡᠨᠢ ᠰᠢᠰᠢ ᠶᠢ ᠶᠠᠭ ᠬᠤᠷᠢᠶᠠᠵᠤ ᠪᠠᠶᠢᠭ᠎ᠠ ᠬᠤᠭᠤᠴᠠᠭᠠᠨ ᠳᠤ᠂ ᠮᠠᠨ ᠤ ᠦᠢᠯᠡᠳᠪᠦᠷᠢ ᠶᠠᠭ ᠠᠵᠢᠯᠴᠢᠨ ᠬᠡᠷᠡᠭᠯᠡᠵᠦ ᠪᠠᠶᠢᠭ᠎ᠠ ᠬᠤᠭᠤᠴᠠᠭᠠᠨ ᠳᠤ᠂ 40 ᠭᠠᠷᠤᠶ ᠡᠳᠦᠷ ᠬᠡᠷᠡᠭᠰᠡᠨ᠎ᠡ᠂ ᠪᠦᠷ ᠲᠤᠬᠠᠶ ᠶᠢᠨ ᠭᠠᠵᠠᠷ ᠤᠨ ᠬᠥᠮᠦᠰ ᠢᠷᠡᠵᠦ᠂ ᠨᠢᠭᠡ ᠡᠳᠦᠷ ᠲᠤ ᠨᠢᠭᠡ ᠵᠠᠭᠤ ᠳᠣᠯᠤᠭ᠎ᠠ ᠨᠠᠢᠮᠠ᠂ ᠲᠡᠳᠡ ᠬᠥᠮᠦᠨ ᠪᠦᠷᠢ ᠢᠯᠡᠭᠦᠦ ᠳᠣᠯᠣᠭᠠᠨ ᠮᠢᠩᠭ᠎ᠠ ᠠᠴᠠ ᠨᠠᠢᠮᠠᠨ ᠮᠢᠩᠭᠠᠨ ᠲᠥᠭᠦᠷᠢᠭ ᠣᠯᠵᠠᠶ᠃    ᠲᠠᠷᠢᠶᠠᠴᠢᠳ ᠢ ᠬᠠᠪᠰᠤᠷᠤᠨ ᠭᠡᠷ ᠤᠨ ᠡᠭᠦᠳᠡᠨ ᠳᠤ ᠠᠵᠢᠯ ᠣᠯᠭᠤᠵᠤ᠂ ᠨᠠᠮ ᠤᠨ ᠡᠭᠦᠷ ᠪᠣᠯᠤᠨ ᠬᠤᠷᠰᠢᠶᠠᠵᠢᠯ ᠤᠨ ᠭᠠᠪᠢᠶ᠎ᠠ ᠵᠢᠳᠬᠦᠯ ᠦᠭᠡᠢ ᠪᠠᠶᠢᠵᠤ ᠪᠣᠯᠬᠤ ᠦᠭᠡᠢ᠃ ᠳᠠᠷᠠᠭᠠᠴᠢ ᠶᠢᠨ ᠠᠯᠬᠤᠮ ᠳᠤ᠂ ᠮᠠᠶᠢᠬᠠᠨᠳᠤ ᠪᠠᠯᠭᠠᠰᠤ ᠶᠢᠨ ᠬᠢᠨ ︽ᠨᠠᠮ ᠤᠨ ᠪᠠᠶᠢᠭᠤᠯᠤᠯᠲᠠ ᠶᠢᠨ ᠬᠤᠷᠰᠢᠶ᠎ᠠ ᠲᠠᠷᠢᠶᠠᠴᠢᠨ ᠡᠷᠦᠬᠡ︾᠎ ᠶᠢᠨ ᠠᠮᠢᠳᠤᠯᠢᠭ ᠬᠥᠳᠡᠯᠮᠦᠷᠢ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠪᠠᠳᠠᠷᠠᠭᠤᠯᠵᠤ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠬᠦᠴᠦᠨ ᠢ ᠬᠠᠪᠰᠤᠷᠤᠨ ᠲᠤᠬᠠᠢ ᠶᠢᠨ ᠭᠠᠵᠠᠷ ᠲᠤᠨᠢ ᠤᠢᠢᠷ᠎ᠠ ᠬᠠᠪᠢ ᠳᠤᠨᠢ ᠠᠵᠢᠯ ᠣᠯᠭᠤᠵᠤ᠂ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃                                           ᠨᠠᠶᠢᠷᠠᠭᠤᠯᠤᠭᠴᠢ᠄   ᠴᠧᠨ ᠰᠢᠶᠤᠤ ᠵᠢᠤᠸᠠᠨ                                           ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2