ᠯᠢᠶᠠᠩᠴᠧᠩ ᠰᠢᠶᠠᠨ ᠤ ᠬᠤᠶᠠᠳᠤᠭᠠᠷ ᠬᠤᠭᠤᠴᠠᠭᠠᠨ ᠤ ︽ᠰᠾᠢ ᠴᠢᠤᠸᠠᠨ ᠬᠤᠨᠳᠠᠭᠠᠲᠤ︾ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠬᠥᠭᠵᠢᠶᠡᠨᠲᠡᠶ ᠡᠬᠢᠯᠡᠪᠡ
ᠨᠡᠶᠢᠲᠡᠯᠡᠭᠰᠡᠨ ᠴᠠᠭ᠄
2024/8/26
    ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠨᠠᠩ ᠥᠨᠳᠥᠷ ᠲᠦᠪᠰᠢᠨ ᠪᠥᠬᠦᠶ ᠬᠥᠭᠵᠢᠯᠲᠡ ᠶᠢ ᠠᠬᠢᠭᠤᠯᠵᠤ᠂ ᠮᠠᠨ ᠤ ᠰᠢᠶᠠᠨ ᠤ ᠰᠠᠭᠰᠤᠨ ᠪᠥᠮᠪᠦᠭᠡ ᠶᠢᠨ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠬᠦ ᠪᠠ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 24᠎ ᠤ ᠡᠳᠦᠷ᠂ ᠯᠢᠶᠠᠩᠴᠧᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠪᠠ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠨᠠᠰᠢᠰᠲ᠋ᠧᠷ ᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠮᠵᠢᠭᠴᠢ ᠯᠢᠶᠠᠩᠴᠧᠩ ᠰᠢᠶᠠᠨ ᠤ ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠲᠤ ᠡᠬᠢᠯᠡᠪᠡ᠃
     ᠠᠵᠢᠯᠯᠠᠭ᠎ᠠ ᠶᠢᠨ ᠳᠤᠮᠳᠠ᠂ ᠡᠯ᠎ᠡ ᠠᠩᠭᠢ ᠶᠢᠨ ᠪᠥᠮᠪᠥᠭᠡᠴᠢᠨ ᠡᠮᠬᠢ ᠵᠢᠷᠤᠮ ᠲᠠᠢ ᠪᠠᠷ ᠮᠥᠷᠯᠡᠨ ᠵᠢᠭᠰᠠᠵᠤ᠂ ᠬᠠᠮᠢᠶ᠎ᠠ ᠪᠥᠬᠦᠶ ᠤᠳᠤᠷᠢᠳᠤᠯᠭ᠎ᠠ ᠡᠬᠢᠯᠡᠭᠰᠡᠨ ᠢ ᠵᠠᠷᠯᠠᠵᠤ᠂ ᠬᠢᠨᠠᠭᠴᠢ ᠶᠢᠨ ᠲᠥᠯᠥᠭᠡᠯᠡᠭᠴᠢ᠂ ᠲᠠᠮᠢᠷᠴᠢᠨ ᠤ ᠲᠥᠯᠥᠭᠡᠯᠡᠭᠴᠢ ᠲᠠᠩᠭᠠᠷᠢᠭᠯᠠᠪᠠ᠃ ᠳᠠᠷᠠᠭ᠎ᠠ ᠨᠢ᠂ ᠨᠢᠭᠡ ᠤᠳᠠᠭᠠᠨ ᠤ ᠬᠤᠷᠳᠤᠴᠠ ᠨᠢ ᠣᠷᠭᠢᠯᠤᠮ᠎ᠠ ᠰᠡᠳᠬᠢᠯᠭᠡ ᠲᠠᠢ ᠰᠠᠭᠰᠤᠨ ᠪᠥᠮᠪᠦᠭᠡ ᠶᠢᠨ ᠤᠷᠤᠯᠳᠤᠭᠠᠨ ᠤ ᠲᠠᠯᠠᠪᠤᠷ ᠲᠤ ᠠᠯᠭᠤᠷᠬᠠᠨ ᠶᠠᠪᠤᠭᠳᠠᠵᠤ᠂ ᠲᠠᠮᠢᠷᠴᠢᠳ ᠰᠡᠳᠬᠢᠯ ᠰᠠᠨᠠᠭ᠎ᠠ ᠪᠠᠨ ᠣᠯᠣᠯᠴᠠᠵᠤ᠂ ᠬᠦᠴᠦᠨ ᠴᠢᠳᠠᠯ ᠪᠣᠯᠤᠨ ᠬᠤᠷᠳᠤᠴᠠ ᠶᠢᠨ ᠮᠥᠷᠦ᠋ᠢᠴᠡᠭᠡᠨ ᠢᠶᠠᠨ ᠥᠷᠨᠢᠭᠦᠯᠵᠦ᠂ ᠲᠡᠳᠡ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠰᠡᠳᠬᠢᠯᠭᠡ ᠪᠠᠨ ᠤᠷᠤᠰᠬᠠᠪᠠ᠃ ᠤᠷᠤᠯᠳᠤᠭᠠᠨ ᠪᠠᠴᠢᠮ ᠶᠠᠭᠠᠷᠠᠯᠲᠠᠶ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠲᠠᠰᠤᠯᠬᠤ᠂ ᠰᠢᠪᠲᠤᠯᠬᠤ᠂ ᠦᠰᠦᠷᠬᠦ᠂ ᠪᠠᠭᠤᠬᠤ ᠵᠡᠷᠭᠡ ᠠᠵᠢᠯᠯᠠᠭ᠎ᠠ ᠨᠢ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠤᠳᠠᠭ᠎ᠠ ᠳᠠᠷᠠᠭᠠᠯᠠᠨ ᠳᠡᠯᠪᠡᠷᠡᠭᠦᠯᠪᠡ᠃                                        ᠨᠠᠶᠢᠷᠠᠭᠤᠯᠤᠭᠴᠢ᠄   ᠴᠧᠨ ᠰᠢᠶᠤᠤ ᠵᠢᠤᠸᠠᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2