ᠯᠢᠶᠠᠩᠴᠧᠩ ᠰᠢᠶᠠᠨ ᠤ 2024 ᠣᠨ ᠤ ︽ᠳᠠᠭ᠎ᠠ ᠶᠢᠨ ᠨᠠᠭᠤᠷ ᠤᠨ ᠵᠤᠨ︾ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠪᠠᠶᠠᠷ - ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ᠂ ᠠᠮᠲᠠᠲᠤ ᠢᠳᠡᠭᠡᠨ ᠤ ᠲᠥᠪᠯᠡᠷᠡᠯ ᠳ᠋ᠠᠢ ᠬᠠ ᠠᠭᠤᠳᠠᠮ ᠲᠠᠯᠠᠪᠠᠢ ᠳᠤ ᠲᠣᠳᠣᠷᠠᠪᠠ
ᠨᠡᠶᠢᠲᠡᠯᠡᠭᠰᠡᠨ ᠴᠠᠭ᠄
2024/8/26
   8 ᠰᠠᠷ᠎ᠠ ᠶᠢᠨ 23 ᠤ ᠡᠳᠦᠷ᠂ ᠯᠢᠶᠠᠩᠴᠧᠩ ᠰᠢᠶᠠᠨ ᠤ 2024 ᠣᠨ ᠤ ︽ᠳᠠᠭ᠎ᠠ ᠶᠢᠨ ᠨᠠᠭᠤᠷ ᠤᠨ ᠵᠤᠨ︾ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠪᠠᠶᠠᠷ ᠵᠢᠴᠢ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠭᠠᠷᠠᠭ ᠰᠢᠶᠠᠨ ᠤ ᠳ᠋ᠠᠢ ᠬᠠ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠠᠵᠢᠯᠯᠠᠭ᠎ᠠ ᠶᠢᠨ ᠵᠣᠷᠢᠯᠭ᠎ᠠ ᠨᠢ ᠡᠯᠪᠡᠭ ᠪᠠᠶᠠᠯᠢᠭ ᠣᠯᠠᠨ ᠶᠠᠩᠵᠤ ᠶᠢᠨ ᠠᠵᠢᠯᠯᠠᠭ᠎ᠠ ᠶᠢᠨ ᠠᠭᠤᠯᠭ᠎ᠠ ᠪᠠᠷ ᠳᠠᠮᠵᠢᠭᠤᠯᠤᠨ᠂ ᠯᠢᠶᠠᠩᠴᠧᠩ ᠰᠢᠶᠠᠨ ᠤ ᠥᠪᠡᠷᠮᠢᠴᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠪᠠ ᠠᠮᠲᠠᠲᠤ ᠢᠳᠡᠭᠡᠨ ᠤ ᠷᠢᠳᠢ ᠰᠢᠳᠢ ᠶᠢ ᠢᠯᠡᠷᠡᠭᠦᠯᠵᠦ᠂ ᠲᠤᠬᠠᠶ ᠶᠢᠨ ᠭᠠᠵᠠᠷ ᠤᠨ ᠠᠵᠤ ᠠᠬᠤᠶ ᠪᠠ ᠰᠣᠶᠣᠯ ᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ ᠶᠤᠮ᠃
      ᠳ᠋ᠠᠢ ᠬᠠ ᠠᠭᠤᠳᠠᠮ ᠲᠠᠯᠠᠪᠠᠢ ᠶᠢᠨ ᠡᠷᠬᠢᠨ ᠲᠣᠭᠤᠷᠢᠨ ᠳᠤ ᠥᠪᠡᠷᠮᠢᠴᠡ ᠣᠨᠴᠠᠯᠢᠭ ᠲᠠᠢ ᠦᠢᠯᠡᠳᠬᠦᠨ ᠤ ᠳᠡᠯᠭᠡᠨ ᠪᠣᠷᠣᠯᠠᠭᠤᠯᠬᠤ ᠲᠣᠭᠤᠷᠢᠭ᠂ ᠰᠣᠶᠣᠯ ᠵᠢᠭᠤᠯᠴᠢᠯᠠᠯ ᠵᠢᠴᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠲᠣᠭᠤᠷᠢᠭ᠂ ᠠᠮᠲᠠᠲᠤ ᠢᠳᠡᠭᠡᠨ ᠠᠮᠲᠠᠯᠠᠬᠤ ᠲᠣᠭᠤᠷᠢᠭ ᠵᠡᠷᠭᠡ ᠶᠢ ᠨᠠᠷᠢᠨ ᠨᠢᠮᠪᠠᠢ ᠲᠤᠬᠢᠷᠠᠭᠤᠯᠪᠠ ᠃ ᠡᠲᠡᠭᠡᠷ ᠦᠵᠡᠭᠦᠯᠭᠡ ᠶᠢᠨ ᠲᠣᠭᠤᠷᠢᠭ ᠲᠤ ᠯᠢᠶᠠᠩᠴᠧᠩ ᠰᠢᠶᠠᠨ ᠤ ᠮᠠᠰᠢ ᠣᠯᠠᠨ ᠤᠨᠴᠠᠯᠢᠬᠳᠤ ᠰᠣᠳᠣᠨ ᠠᠮᠲᠠᠲᠤ ᠢᠳᠡᠭᠡᠨ᠂ ᠨᠠᠷᠠᠲᠤ ᠵᠢᠵᠢᠭ ᠢᠳᠡᠭᠡᠨ ᠵᠢᠴᠢ ᠨᠠᠷᠠᠲᠤ ᠰᠢᠯᠢᠳᠡᠭ ᠣᠨᠴᠠ ᠲᠠᠷᠢᠶᠠᠯᠠᠩ ᠤᠨ ᠪᠦᠲᠦᠭᠡᠭᠳᠡᠬᠦᠨ ᠢ ᠴᠤᠭᠯᠠᠭᠤᠯᠵᠤ᠂ ᠵᠤᠭᠠᠴᠠᠭᠰᠠᠳ ᠪᠠ ᠬᠤᠲᠠ ᠶᠢᠨ ᠠᠷᠠᠳ ᠲᠤ ᠨᠢᠭᠡ ᠤᠳᠠᠭᠠᠨ ᠤ ᠬᠠᠷᠠᠭᠠᠨ ᠰᠡᠷᠡᠯ ᠪᠠ ᠠᠮᠲᠠ ᠶᠢᠨ ᠰᠡᠷᠡᠯ ᠤᠨ ᠳᠠᠪᠬᠤᠷ ᠦᠪᠡᠳᠡᠭᠰᠢ ᠨᠠᠶᠢᠷ ᠬᠠᠩᠭᠠᠭᠰᠠᠨ ᠪᠠᠶᠢᠨ᠎ᠠ᠃ ᠲᠤᠬᠠᠶ ᠶᠢᠨ ᠲᠠᠯᠠᠪᠠᠶ ᠶᠢᠨ ᠥᠪᠡᠷᠮᠢᠴᠡ ᠣᠨᠴᠠᠯᠢᠭ ᠲᠠᠢ ᠵᠢᠵᠢᠭ ᠢᠳᠡᠭᠡᠨ ᠤ ᠪᠠᠶᠠᠯᠢᠭ ᠣᠯᠠᠨ ᠶᠠᠩᠵᠤ ᠶᠢᠨ ᠪᠠᠶᠢᠵᠤ᠂ ᠨᠠᠩ ᠴᠤ ᠵᠤᠭᠠᠴᠠᠭᠰᠠᠳ ᠢ ᠶᠡᠭᠡ ᠪᠠᠷ ᠰᠠᠨᠠᠭ᠎ᠠ ᠠᠮᠤᠷ᠂ ᠮᠠᠭᠲᠠᠨ ᠰᠠᠶᠢᠰᠢᠶᠠᠵᠤ ᠪᠠᠶᠢᠯ᠎ᠠ᠃
                                   ᠨᠠᠶᠢᠷᠠᠭᠤᠯᠤᠭᠴᠢ᠄   ᠴᠧᠨ ᠰᠢᠶᠤᠤ ᠵᠢᠤᠸᠠᠨ                                    ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2