ᠯᠢᠶᠠᠩᠴᠧᠩ ᠰᠢᠶᠠᠨ 2024 ᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/8/26
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠳᠠᠯᠳᠠ ᠬᠦᠴᠦᠨ ᠪᠠ ᠡᠬᠢ ᠪᠠᠶᠠᠯᠢᠭ ᠢ ᠬᠥᠭᠵᠢᠭᠡᠨ ᠠᠭᠤᠳᠠᠯᠵᠤ᠂ ᠲᠠᠷᠢᠶᠠᠴᠢᠳ ᠤᠨ ᠦᠢᠯᠡᠰ ᠪᠤᠰᠬᠠᠵᠤ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 23 ᠤ ᠡᠳᠦᠷ᠂ ᠮᠠᠨ ᠤ ᠰᠢᠶᠠᠨ 2024 ᠣᠨ ᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ ᠬᠥᠮᠦᠵᠢᠭᠦᠯᠬᠦ ᠪᠣᠯᠪᠠᠰᠤᠷᠠᠯ ᠤᠨ ᠠᠩᠬᠢ ᠡᠷᠬᠢᠯᠡᠵᠦ᠂ ᠪᠦᠬᠦ ᠰᠢᠶᠠᠨ ᠤ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ᠂ ᠳᠠᠷᠢᠵᠤ ᠲᠡᠵᠢᠭᠡᠨ ᠦᠷᠡᠵᠢᠭᠦᠯᠬᠦ ᠲᠤᠮᠤ ᠡᠷᠦᠬᠡ 120 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃
    ᠲᠣᠰ ᠤᠳᠠᠭᠠᠨ ᠤ ᠪᠣᠯᠪᠠᠰᠤᠷᠠᠯ ᠤᠨ ᠠᠩᠭᠢ 5 ᠡᠳᠦᠷ ᠶᠠᠪᠤᠭᠳᠠᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠴᠢᠨᠠᠷ ᠰᠠᠶᠢᠲᠠᠶ ᠬᠥᠭᠵᠢᠯᠲᠡ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠮᠡᠷᠭᠡᠵᠢᠯ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠵᠤ ᠤᠶᠢᠯᠡᠰ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠶᠡᠷᠦᠩᠬᠡᠶᠢᠯᠡᠭᠰᠡᠨ ᠬᠡᠪ ᠴᠢᠨᠠᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠰᠠᠬᠢᠨ ᠬᠠᠮᠠᠭᠠᠯᠠᠭᠴᠢ᠂ ᠠᠵᠤ ᠤᠶᠢᠯᠡᠰ  ᠤᠨ ᠬᠥᠭᠵᠢᠯᠲᠡ ᠶᠢᠨ ᠳᠠᠭᠠᠭᠤᠯᠤᠭᠴᠢ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠬᠦᠴᠦᠨ ᠢ ᠪᠤᠶᠢᠵᠢᠭᠤᠯᠪᠠ᠃ ᠪᠣᠯᠪᠠᠰᠤᠷᠠᠯ ᠤᠨ ᠠᠩᠭᠢ ᠪᠠᠰᠠ ᠰᠤᠷᠤᠭᠴᠢᠳ ᠢ ᠵᠣᠬᠢᠶᠠᠨ ᠪᠠᠶᠢᠭᠤᠯᠤᠨ ᠪᠣᠳᠠᠲᠠᠶ ᠪᠣᠯᠪᠠᠰᠤᠷᠠᠭᠤᠯᠤᠨ ᠲᠣᠭᠤᠷᠢᠨ ᠦᠵᠡᠭᠦᠯᠵᠦ᠂ ᠰᠢᠯᠢᠳᠡᠭ ᠬᠡᠷᠡᠭ ᠤᠨ ᠵᠢᠱᠢᠶ᠎ᠡ᠂ ᠲᠤᠷᠰᠢᠯᠭ᠎ᠠ ᠪᠠ ᠵᠠᠭᠪᠤᠷ ᠢ ᠰᠤᠷᠤᠯᠴᠠᠭᠤᠯᠬᠤ ᠪᠣᠯᠤᠨ᠎ᠠ᠃ ᠲᠥᠪᠯᠡᠷᠡᠭᠦᠯᠦᠨ ᠬᠢᠴᠢᠶᠡᠯᠯᠡᠬᠦ᠂ ᠬᠡᠷᠡᠭ ᠤᠨ ᠵᠢᠱᠢᠶ᠎ᠡ ᠶᠢ ᠬᠤᠪᠢᠶᠠᠯᠴᠠᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠ ᠬᠠᠷᠢᠯᠴᠠᠨ ᠦᠢᠯᠡᠳᠦᠯᠴᠡᠵᠦ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤᠮᠳᠠ ᠬᠥᠭᠵᠢᠯᠲᠡ ᠶᠢᠨ ᠢᠲᠡᠭᠡᠯ ᠵᠣᠷᠢᠭ ᠢ ᠨᠢ ᠤᠯᠠᠮ ᠨᠢᠭᠡ ᠠᠯᠬᠤᠮ ᠪᠠᠲᠤᠳᠬᠠᠵᠤ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠨᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠯᠢᠶᠠᠩᠴᠧᠩ ᠰᠢᠶᠠᠨ ᠤ ᠲᠠᠷᠢᠶᠠᠯᠠᠩ ᠤᠨ ᠷᠠᠳᠢᠣ᠋ ᠲᠧᠯᠸᠢᠰ ᠤᠨ ᠰᠤᠷᠭᠠᠭᠤᠯᠢ ᠶᠢᠨ ᠵᠠᠬᠢᠷᠤᠯ ᠸᠠᠩ ᠫᠢᠩ ᠲᠠᠨᠢᠯᠴᠠᠭᠤᠯᠬᠤ ᠳᠠᠭᠠᠨ᠄ ᠬᠥᠳᠡᠭᠡ ᠲᠣᠰᠬᠤᠨ ᠳᠤ ᠶᠡᠭᠡ ᠬᠡᠮᠵᠢᠶᠡᠨ ᠤ ᠮᠡᠳᠡᠯᠭᠡ ᠲᠠᠢ᠂ ᠡᠵᠡᠩᠨᠡᠯᠲᠡ ᠶᠢ ᠣᠶᠢᠯᠠᠭᠠᠬᠤ᠂ ᠬᠠᠮᠢᠶᠠᠷᠬᠤ ᠳᠤ ᠴᠢᠳᠠᠮᠠᠭᠠᠢ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠪᠠᠶᠢᠬᠤ ᠬᠡᠷᠡᠭᠲᠡᠢ᠂ ᠵᠥᠪᠬᠡᠨ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠰᠠᠶ᠋ᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠪᠠᠲᠤᠯᠠᠵᠤ ᠴᠢᠳᠠᠨ᠎ᠠ᠃ ᠲᠣᠰ ᠤᠳᠠᠭᠠᠨ ᠤ ᠪᠣᠯᠪᠠᠰᠤᠷᠠᠭᠤᠯᠤᠯ ᠳᠤ ᠪᠢᠳᠡ ᠥᠪᠡᠷᠲᠡᠭᠡᠨ ᠵᠠᠰᠠᠬᠤ ᠣᠷᠣᠨ᠂ ᠬᠤᠲᠠ ᠰᠢᠶᠠᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠪᠠ ᠨᠤᠲᠤᠭ ᠤᠨ ᠲᠤᠰᠬᠠᠶ ᠮᠡᠷᠭᠡᠵᠢᠯᠲᠡᠨ ᠢ ᠤᠷᠢᠵᠤ ᠲᠠᠶᠢᠯᠤᠮᠵᠢ ᠬᠢᠯᠭᠡᠵᠦ᠂ ᠣᠯᠠᠨ ᠢᠶᠠᠷ ᠢᠶᠠᠨ ᠰᠤᠷᠤᠯᠴᠠᠬᠤ ᠶᠠᠪᠤᠴᠠ ᠳᠤ ᠰᠣᠷᠣᠭᠰᠠᠨ ᠢᠶᠠᠨ ᠬᠡᠷᠡᠭᠯᠡᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠢᠳᠡᠪᠬᠢᠲᠡᠶ ᠪᠠᠷ ᠲᠣᠯᠢ ᠪᠣᠯᠭᠠᠵᠤ᠂ ᠨᠤᠲᠤᠭ ᠤᠨ ᠠᠬ᠎ᠠ ᠳᠡᠭᠦᠤ ᠨᠡᠷ ᠢᠶᠠᠨ ᠳᠠᠭᠠᠭᠤᠯᠤᠨ ᠪᠠᠶᠠᠵᠢᠨ ᠴᠢᠨᠡᠭᠡᠯᠢᠭᠵᠢᠬᠦ ᠰᠢᠨ᠎ᠡ ᠵᠠᠮ ᠢᠶᠠᠷ ᠵᠠᠮᠨᠠᠵᠤ᠂ ᠮᠠᠨ ᠤ ᠰᠢᠶᠠᠨ ᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃                                                                     ᠨᠠᠶᠢᠷᠠᠭᠤᠯᠤᠭᠴᠢ᠄   ᠴᠧᠨ ᠰᠢᠶᠤᠤ ᠵᠢᠤᠸᠠᠨ                           ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2