ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠨᠠᠩ ᠥᠨᠳᠥᠷ ᠲᠦᠪᠰᠢᠨ ᠪᠥᠬᠦᠶ ᠬᠥᠭᠵᠢᠯᠲᠡ ᠶᠢ | ᠠᠬᠢᠭᠤᠯᠵᠤ᠂ ᠮᠠᠨ ᠤ ᠰᠢᠶᠠᠨ ᠤ ᠰᠠᠭᠰᠤᠨ ᠪᠥᠮᠪᠦᠭᠡ ᠶᠢᠨ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠬᠦ ᠪᠠ | ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 24 ᠤ ᠡᠳᠦᠷ᠂ ᠯᠢᠶᠠᠩᠴᠧᠩ ᠰᠢᠶᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠪᠠ | ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠵᠦ᠂ ᠥᠪᠥᠷ | ᠮᠣᠩᠭᠤᠯ ᠤᠨ ᠨᠠᠰᠢᠰᠲ᠋ᠧᠷ ᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠮᠵᠢᠭᠴᠢ ᠯᠢᠶᠠᠩᠴᠧᠩ ᠰᠢᠶᠠᠨ ᠤ | ᠬᠤᠶᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠲᠤ ᠡᠬᠢᠯᠡᠪᠡ᠃ | | | | | | | | ᠠᠵᠢᠯᠯᠠᠭ᠎ᠠ ᠶᠢᠨ ᠳᠤᠮᠳᠠ᠂ ᠡᠯ᠎ᠡ ᠠᠩᠭᠢ ᠶᠢᠨ ᠪᠥᠮᠪᠥᠭᠡᠴᠢᠨ ᠡᠮᠬᠢ ᠵᠢᠷᠤᠮ ᠲᠠᠢ ᠪᠠᠷ ᠮᠥᠷᠯᠡᠨ ᠵᠢᠭᠰᠠᠵᠤ᠂ | ᠬᠠᠮᠢᠶ᠎ᠠ ᠪᠥᠬᠦᠶ ᠤᠳᠤᠷᠢᠳᠤᠯᠭ᠎ᠠ ᠡᠬᠢᠯᠡᠭᠰᠡᠨ ᠢ ᠵᠠᠷᠯᠠᠵᠤ᠂ ᠬᠢᠨᠠᠭᠴᠢ ᠶᠢᠨ ᠲᠥᠯᠥᠭᠡᠯᠡᠭᠴᠢ᠂ ᠲᠠᠮᠢᠷᠴᠢᠨ ᠤ | ᠲᠥᠯᠥᠭᠡᠯᠡᠭᠴᠢ ᠲᠠᠩᠭᠠᠷᠢᠭᠯᠠᠪᠠ᠃ ᠳᠠᠷᠠᠭ᠎ᠠ ᠨᠢ᠂ ᠨᠢᠭᠡ ᠤᠳᠠᠭᠠᠨ ᠤ ᠬᠤᠷᠳᠤᠴᠠ ᠨᠢ ᠣᠷᠭᠢᠯᠤᠮ᠎ᠠ ᠰᠡᠳᠬᠢᠯᠭᠡ ᠲᠠᠢ | ᠰᠠᠭᠰᠤᠨ ᠪᠥᠮᠪᠦᠭᠡ ᠶᠢᠨ ᠤᠷᠤᠯᠳᠤᠭᠠᠨ ᠤ ᠲᠠᠯᠠᠪᠤᠷ ᠲᠤ ᠠᠯᠭᠤᠷᠬᠠᠨ ᠶᠠᠪᠤᠭᠳᠠᠵᠤ᠂ ᠲᠠᠮᠢᠷᠴᠢᠳ ᠰᠡᠳᠬᠢᠯ | ᠰᠠᠨᠠᠭ᠎ᠠ ᠪᠠᠨ ᠣᠯᠣᠯᠴᠠᠵᠤ᠂ ᠬᠦᠴᠦᠨ ᠴᠢᠳᠠᠯ ᠪᠣᠯᠤᠨ ᠬᠤᠷᠳᠤᠴᠠ ᠶᠢᠨ ᠮᠥᠷᠦ᠋ᠢᠴᠡᠭᠡᠨ ᠢᠶᠠᠨ ᠥᠷᠨᠢᠭᠦᠯᠵᠦ᠂ | ᠲᠡᠳᠡ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠰᠡᠳᠬᠢᠯᠭᠡ ᠪᠠᠨ ᠤᠷᠤᠰᠬᠠᠪᠠ᠃ ᠤᠷᠤᠯᠳᠤᠭᠠᠨ ᠪᠠᠴᠢᠮ ᠶᠠᠭᠠᠷᠠᠯᠲᠠᠶ | ᠪᠥᠭᠡᠳ ᠡᠮᠬᠢ ᠵᠢᠷᠤᠮ ᠲᠠᠢ ᠶᠠᠪᠤᠭᠳᠠᠵᠤ᠂ ᠲᠠᠰᠤᠯᠬᠤ᠂ ᠰᠢᠪᠲᠤᠯᠬᠤ᠂ ᠦᠰᠦᠷᠬᠦ᠂ ᠪᠠᠭᠤᠬᠤ ᠵᠡᠷᠭᠡ ᠠᠵᠢᠯᠯᠠᠭ᠎ᠠ ᠨᠢ | ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠢ ᠤᠳᠠᠭ᠎ᠠ ᠳᠠᠷᠠᠭᠠᠯᠠᠨ ᠳᠡᠯᠪᠡᠷᠡᠭᠦᠯᠪᠡ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |