ᠯᠢᠶᠠᠩᠴᠧᠩ ᠰᠢᠶᠠᠨ 2024 ᠣᠨ ᠳᠤ ᠰᠢᠨ᠎ᠡ ᠪᠠᠷ ᠠᠵᠢᠯ ᠮᠡᠷᠭᠡᠵᠢᠯ ᠤᠨ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/8/29
   ᠰᠢᠨ᠎ᠡ ᠪᠠᠷ ᠠᠵᠢᠯ ᠳᠤ ᠤᠷᠤᠭᠰᠠᠨ ᠪᠠᠭᠰᠢ ᠶᠢᠨ ᠪᠠᠭᠰᠢ ᠶᠢᠨ ᠠᠵᠢᠯ ᠮᠡᠷᠭᠡᠵᠢᠯ ᠤᠨ ᠬᠠᠷᠢᠭᠤᠴᠠᠯᠭ᠎ᠠ ᠪᠠ ᠡᠭᠦᠷᠭᠡ ᠶᠢ ᠭᠦᠨᠵᠡᠭᠡᠶ ᠣᠶᠢᠯᠠᠭᠠᠬᠤ ᠶᠢ ᠬᠥᠲᠥᠯᠦᠨ ᠵᠢᠯᠣᠭᠤᠳᠴᠤ᠂ ᠠᠵᠢᠯ ᠮᠡᠷᠭᠡᠵᠢᠯ ᠤᠨ ᠢᠲᠡᠭᠡᠯ ᠵᠣᠷᠢᠭ ᠪᠠ ᠠᠵᠢᠯ ᠮᠡᠷᠭᠡᠵᠢᠯ ᠤᠨ ᠰᠠᠬᠢᠯᠭ᠎ᠠ ᠪᠠᠲᠤ ᠶᠢ ᠪᠠᠲᠤᠳᠬᠠᠨ᠂ ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠬᠥᠭᠵᠢᠭᠡᠵᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 27᠎ ᠤ ᠡᠳᠦᠷ᠂ ᠮᠠᠨ ᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ 2024 ᠣᠨ ᠤ ᠯᠢᠶᠠᠩᠴᠧᠩ ᠰᠢᠶᠠᠨ ᠤ ᠠᠵᠢᠯ ᠮᠡᠷᠭᠡᠵᠢᠯ ᠤᠨ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠶᠠᠪᠤᠭᠤᠯᠵᠤ᠂ ᠪᠥᠬᠦ ᠰᠢᠶᠠᠨ ᠤ 32 ᠰᠢᠨ᠎ᠡ ᠪᠠᠷ ᠠᠵᠢᠯ ᠳᠤ ᠤᠷᠤᠭᠰᠠᠨ ᠪᠠᠭᠰᠢ ᠪᠣᠯᠪᠠᠰᠤᠷᠠᠯ ᠳᠤ ᠣᠷᠣᠯᠴᠠᠪᠠ᠃
      ᠶᠣᠰᠣᠯᠠᠯ ᠳᠡᠭᠡᠷ᠎ᠡ᠂ ᠪᠦᠬᠦ ᠰᠢᠨ᠎ᠡ ᠪᠠᠭᠰᠢ ᠤᠯᠤᠰ ᠤᠨ ᠲᠤᠭ ᠵᠦᠭ ᠲᠥᠪ ᠴᠢᠩᠭ᠎ᠠ ᠲᠤᠰᠢᠶᠠᠯ ᠳᠤ ᠭᠠᠷᠬᠤ ᠲᠠᠩᠭᠠᠷᠢᠭ ᠬᠢᠵᠦ᠂ ᠲᠠᠩᠭᠠᠷᠢᠭᠯᠠᠬᠤ ᠪᠠᠷ ᠳᠠᠮᠵᠢᠨ ᠤᠯᠠᠨ ᠳᠤ ᠪᠠᠭᠰᠢ ᠶᠢᠨ ᠠᠵᠢᠯ ᠮᠡᠷᠭᠡᠵᠢᠯ ᠤᠨ ᠠᠷᠢᠭᠤᠨ ᠲᠠᠷᠬᠠᠨ ᠪᠠ ᠲᠥᠪ ᠴᠢᠩᠭ᠎ᠠ ᠪᠠᠶᠢᠬᠤ ᠶᠢ ᠮᠡᠳᠡᠷᠡᠭᠦᠯᠵᠦ᠂ ᠢᠮᠠᠭᠲᠠ ᠲᠠᠩᠭᠠᠷᠢᠭ ᠢᠶᠠᠨ ᠪᠠᠲᠤ ᠴᠡᠭᠡᠵᠢᠯᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠵᠡᠢ᠃
      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 3 ᠡᠳᠦᠷ ᠪᠠᠶᠢᠵᠤ᠂ ᠮᠠᠨ ᠤ ᠰᠢᠶᠠᠨ ᠤ ᠡᠯ᠎ᠡ ᠰᠤᠷᠭᠠᠭᠤᠯᠢ ᠶᠢᠨ ᠰᠢᠯᠢᠳᠡᠭ ᠪᠠᠭᠰᠢ ᠨᠠᠷ ᠲᠣᠰ ᠲᠣᠰ ︽ᠪᠠᠭᠰᠢ ᠶᠢᠨ ᠮᠣᠷᠠᠯ ᠪᠠᠭᠰᠢ ᠶᠢᠨ ᠰᠤᠷᠲᠠᠯ︾᠂ ︽ᠠᠩᠭᠢ ᠶᠢᠨ ᠡᠷᠬᠢᠯᠡᠭᠴᠢ ᠶᠢᠨ ᠠᠵᠢᠯ︾᠂ ︽ᠰᠢᠨ᠎ᠡ ᠪᠠᠷ ᠠᠵᠢᠯ ᠳᠤ ᠣᠷᠣᠬᠤ ᠪᠠᠭᠰᠢ ᠶᠢᠨ ᠠᠵᠢᠯ ᠮᠡᠷᠭᠡᠵᠢᠯ ᠤᠨ ᠰᠡᠳᠬᠢᠴᠡ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠰᠦᠪᠡᠭᠴᠢᠯᠡᠯ︾ ᠵᠡᠷᠭᠡ ᠣᠯᠠᠨ ᠲᠠᠯ᠎ᠠ ᠶᠢᠨ ᠲᠣᠭᠤᠷᠢᠨ ᠳᠤ ᠪᠣᠯᠪᠠᠰᠤᠷᠠᠭᠤᠯᠤᠯ ᠥᠷᠨᠢᠭᠦᠯᠵᠦ᠂ ᠤᠳᠠᠯ ᠥᠬᠡᠶ ᠠᠵᠢᠯ ᠤᠨ ᠪᠠᠶᠢᠷᠢ ᠳᠤ ᠭᠠᠷᠬᠤ ᠭᠡᠵᠦ ᠪᠠᠶᠢᠭ᠎ᠠ ᠰᠢᠨ᠎ᠡ ᠪᠠᠭᠰᠢ ᠳᠤ ᠲᠤᠷᠰᠢᠯᠭ᠎ᠠ ᠤᠯᠠᠮᠵᠢᠯᠠᠵᠤ ᠪᠠᠶᠢᠨ᠎ᠠ᠃
   ᠲᠣᠰ ᠤᠳᠠᠭᠠᠨ ᠤ ᠪᠣᠯᠪᠠᠰᠤᠷᠠᠯ ᠨᠢ ᠰᠢᠨ᠎ᠡ ᠪᠠᠭᠰᠢ ᠨᠠᠷ ᠲᠤ ᠰᠤᠷᠤᠯᠴᠠᠵᠤ ᠰᠣᠯᠢᠯᠴᠠᠬᠤ ᠲᠠᠪᠴᠠᠩ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ᠂ ᠨᠠᠩ ᠴᠤ ᠲᠡᠳᠡ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠲᠡᠳᠡᠨ ᠤ ᠰᠤᠷᠭᠠᠨ ᠬᠥᠮᠦᠵᠢᠯ ᠤᠨ ᠦᠢᠯᠡᠰ ᠤᠨ ᠲᠥᠯᠥᠭᠡ ᠨᠠᠰᠤᠨ ᠲᠤᠷᠰᠢᠳᠠ ᠲᠡᠮᠡᠴᠡᠬᠦ ᠵᠣᠷᠢᠭ ᠢᠶᠠᠨ ᠪᠠᠲᠤᠳᠬᠠᠵᠠᠶ᠃
   ᠰᠢᠨ᠎ᠡ ᠪᠠᠭᠰᠢ  ᠶᠢᠨ ᠲᠦᠯᠦᠭᠡᠯᠡᠭᠴᠢ ᠪᠠᠢ ᠰᠢᠶᠤᠤ ᠢᠦᠢ  ᠢᠯᠡᠳᠭᠡᠭᠰᠡᠨ ᠨᠢ    ᠲᠣᠰ ᠤᠳᠠᠭᠠᠨ ᠤ ᠪᠣᠯᠪᠠᠰᠤᠷᠠᠯ ᠨᠢ ᠨᠠᠮᠠᠶᠢ ᠥᠪᠡᠷ ᠤᠨ ᠲᠤᠬᠠᠶᠢᠯᠠᠭᠰᠠᠨ ᠠᠵᠢᠯ ᠳᠠᠭᠠᠨ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠤ᠂ ᠬᠤᠶᠢᠰᠢᠳᠠ ᠶᠢᠨ ᠠᠵᠢᠯ ᠳᠤ ᠴᠤ ᠢᠲᠡᠭᠡᠯ ᠲᠡᠭᠦᠯᠳᠡᠷ ᠪᠣᠯᠭᠠᠵᠠᠢ᠃ ᠪᠢ ᠥᠪᠡᠷ ᠤᠨ ᠬᠠᠶᠢᠷ᠎ᠠ ᠬᠠᠯᠠᠮᠵᠢ᠂ ᠲᠡᠰᠪᠦᠷᠢ ᠲᠡᠪᠴᠢᠶᠡᠷᠢ ᠪᠣᠯᠣᠨ ᠬᠠᠷᠢᠭᠤᠴᠠᠯᠭᠠᠲᠤ ᠰᠡᠳᠬᠢᠯᠭᠡ ᠪᠠᠷ ᠰᠤᠷᠤᠭᠴᠢ ᠨᠢᠭᠡᠪᠦᠷᠢ ᠳᠤ ᠬᠠᠨᠳᠤᠬᠤ ᠮᠥᠷᠲᠡᠭᠡᠨ ᠵᠠᠭᠤᠨ ᠤ ᠵᠠᠭᠤ ᠶᠢᠨ ᠬᠠᠯᠠᠭᠤᠨ ᠰᠡᠳᠬᠢᠯᠭᠡ ᠪᠠᠷ ᠬᠤᠶᠢᠰᠢᠳᠠ ᠶᠢᠨ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠵᠠᠶ᠃                                       ᠨᠠᠶᠢᠷᠠᠭᠤᠯᠤᠭᠴᠢ᠄   ᠶᠠᠩ  ᠿᠦᠢ ᠵᠧᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2