ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ‌ᠮᠠᠩᠬᠠᠨ ᠪᠠᠯᠭᠠᠰᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/29
   ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠶᠢᠨ ᠲᠥᠯᠥᠭᠡ᠂ 8 ᠰᠠᠷ᠎ᠠ ᠶᠢᠨ 28 ᠤ ᠡᠳᠦᠷ᠂ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠩᠬᠠᠨ ᠪᠠᠯᠭᠠᠰᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠪᠦᠬᠦ ᠪᠠᠯᠭᠠᠰᠤᠨ ᠤ ᠪᠠᠶᠢᠭᠤᠯᠭ᠎ᠠ ᠶᠢᠨ ᠤᠳᠤᠷᠢᠳᠬᠤ ᠺᠠᠳ᠋ᠷ᠂ ᠬᠡᠰᠡᠭ ᠨᠠᠮ ᠤᠨ ᠭᠡᠰᠢᠭᠦᠨ ᠤᠯᠠᠨ ᠲᠦᠮᠡᠨ ᠤ ᠲᠥᠯᠥᠭᠡᠯᠡᠭᠴᠢ ᠣᠷᠣᠯᠴᠠᠪᠠ᠃    ᠬᠤᠷᠠᠯ ᠳᠡᠭᠡᠷ᠎ᠡ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠯᠧᠺᠲ᠋ᠣᠷ ︽ᠡᠨᠡ ᠤᠳᠠᠭ᠎ᠠ ᠶᠢᠨ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠮᠥᠨ︾᠂ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ︾᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠪᠠ︾᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ︾ ᠵᠡᠷᠭᠡ ᠲᠦᠷᠪᠡᠨ ᠲᠠᠯ᠎ᠠ ᠠᠴᠠ ᠬᠤᠷᠢᠶᠠᠩᠭᠤᠶᠢᠯᠠᠨ ᠡᠮᠬᠢᠯᠡᠵᠦ᠂ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ ᠭᠦᠨᠵᠡᠭᠡᠢ ᠲᠠᠶᠢᠯᠪᠤᠷᠢᠯᠠᠪᠠ᠃    ᠮᠠᠨ ᠬᠠᠨ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠤᠨ ᠡᠷᠬᠢᠯᠡᠭᠴᠢ ᠬᠤᠤ ᠯᠢ ᠵᠢᠶᠦ᠋ᠨ᠂ ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠭᠤᠣᠯ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠳᠠᠷᠠᠭᠠᠴᠢ ᠶᠢᠨ ᠠᠯᠬᠤᠮ ᠳᠤ ᠪᠢᠳᠡ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠪᠠᠶᠢᠭᠤᠯᠭ᠎ᠠ ᠶᠢᠨ ᠺᠠᠳ᠋ᠷᠴᠤᠳ ᠢ ᠲᠠᠬᠢᠨ ᠰᠤᠷᠤᠯᠴᠠᠭᠤᠯᠵᠤ᠂ ᠲᠠᠬᠢᠨ ᠪᠠᠶᠢᠴᠠᠭᠠᠨ ᠦᠵᠡᠵᠦ᠂ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ ᠭᠡᠵᠦ ᠬᠡᠯᠡᠪᠡ᠃    ᠲᠠᠷᠠᠭ᠎ᠠ ᠨᠢ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠪᠠᠰᠠ ᠭᠦᠸᠧ ᠰᠢᠶᠠᠨ ᠶᠣᠣ ᠲᠣᠰᠬᠤᠨ ᠳᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠡᠭᠦᠨ ᠤ ᠬᠠᠮᠲᠤ ᠠᠰᠠᠭᠤᠯᠲᠠ ᠬᠠᠷᠢᠭᠤᠯᠬᠤ᠂ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠡᠳᠬᠢᠨ ᠰᠤᠷᠤᠯᠴᠠᠭᠤᠯᠵᠤ᠂ ᠲᠤᠬᠠᠶ ᠶᠢᠨ ᠲᠠᠯᠠᠪᠤᠷ ᠤᠨ ᠨᠠᠮ ᠤᠨ ᠭᠡᠰᠢᠭᠦᠨ ᠵᠢᠴᠢ ᠣᠯᠠᠨ ᠲᠦᠮᠡᠨ ᠤ ᠰᠠᠨᠠᠯ ᠢᠶᠠᠨ ᠭᠦᠨᠵᠡᠭᠡᠶ ᠰᠣᠯᠢᠯᠴᠠᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠢᠶᠠᠷ ᠤᠯᠠᠮᠵᠢᠯᠠᠬᠤ ᠶᠢ ᠠᠬᠢᠭᠤᠯᠪᠠ᠃                                        ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2