ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠵᠢᠦ ᠶᠤᠸᠠᠨ ᠨᠡᠶᠢᠭᠡᠮ ᠲᠣᠭᠤᠷᠢᠭ᠄ ︽ᠪᠥᠬᠦᠳᠡ ᠬᠤᠷᠠᠯ︾᠎ ᠤᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ ︽ᠳᠠᠭᠤᠨ︾ ᠣᠯᠠᠨ ᠲᠦᠮᠡᠨ ᠤ ᠰᠡᠳᠬᠢᠯ ᠢ ᠨᠢᠭᠲᠠᠷᠠᠭᠤᠯᠪᠠ
ᠨᠡᠶᠢᠲᠡᠯᠡᠭᠰᠡᠨ ᠴᠠᠭ᠄
2024/8/5
    7 ᠰᠠᠷ᠎ᠠ ᠶᠢᠨ 15᠎ ᠤ ᠡᠳᠦᠷ ᠠᠴᠠ 18᠎ ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠳᠤᠮᠳᠠ ᠪᠦᠬᠦ ᠲᠠᠯ᠎ᠠ ᠪᠠᠷ᠂ ᠭᠦᠨᠵᠡᠭᠡᠢ ᠤᠯᠠᠮᠵᠢᠯᠠᠬᠤ ᠶᠢᠨ ᠲᠥᠯᠥᠭᠡ᠂ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠵᠢᠦ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠤᠨ ᠲᠠᠶᠢᠯᠪᠤᠷᠢᠯᠠᠬᠤ ᠶᠢ ᠰᠠᠭᠤᠭᠠᠯᠢ ᠠᠷᠠᠳ ᠤᠨ ᠲᠣᠭᠤᠷᠢᠭ ᠪᠣᠯᠤᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠬᠡᠷᠡᠭᠲᠡᠶ᠃
       ᠵᠢᠦ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠼᠦᠢ ᠵᠦᠩ ᠺᠦᠶ ᠶᠢᠨ ᠭᠡᠷ ᠲᠤ᠂ ᠨᠡᠶᠢᠭᠡᠮ ᠲᠣᠭᠤᠷᠢᠭ ᠤᠨ ᠠᠵᠢᠯᠲᠠᠳ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠲᠠᠶᠢᠯᠪᠤᠷᠢᠯᠠᠭᠰᠠᠨ ᠪᠥᠭᠡᠳ ᠳᠡᠷᠭᠡᠳᠡᠬᠢ ᠬᠤᠪᠢᠷᠠᠯᠲᠠ ᠲᠠᠢ ᠪᠠᠨ ᠤᠶᠠᠯᠳᠤᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠶᠠᠪᠤᠳᠠᠯ ᠢ ᠲᠠᠶᠢᠯᠪᠤᠷᠢᠯᠠᠵᠤ᠂ ᠨᠢᠭᠤᠷᠳᠠᠨ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠨᠢ ᠨᠡᠶᠢᠭᠡᠮ ᠲᠣᠭᠤᠷᠢᠭ ᠤᠨ ᠠᠵᠢᠯᠳᠠᠨ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠲᠦᠢᠯ ᠤᠨ ᠶᠡᠭᠡ ᠪᠠᠷ ᠣᠶᠢᠷᠠᠲᠤᠭᠤᠯᠪᠠ᠃ ᠵᠢᠦ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠼᠦᠢ ᠵᠦᠩ ᠺᠦᠢ᠄ ︽ᠨᠡᠶᠢᠭᠡᠮ ᠲᠣᠭᠤᠷᠢᠭ ᠤᠨ ᠱᠦᠵᠢ ᠮᠠᠨ ᠤ ᠭᠡᠷ ᠲᠤ ᠢᠷᠡᠵᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠳᠤ ᠪᠢ ᠮᠠᠰᠢ ᠶᠡᠭᠡ ᠰᠡᠩᠬᠡᠷᠡᠭᠦᠯᠦᠯ ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠮᠠᠨ ᠤ ᠠᠷᠠᠳ ᠣᠯᠠᠨ ᠤ ᠠᠮᠢᠳᠤᠷᠠᠯ ᠶᠠᠪᠤᠬᠤ ᠲᠤᠳᠤᠮ ᠰᠠᠶᠢᠵᠢᠷᠠᠵᠤ ᠪᠠᠶᠢᠨ᠎ᠠ᠂ ᠪᠢ ᠶᠡᠭᠡ ᠵᠣᠯ ᠵᠢᠷᠭᠠᠯ ᠲᠠᠢ ᠪᠠᠶᠢᠨ᠎ᠠ︾ ᠭᠡᠵᠦ ᠬᠡᠯᠡᠪᠡ᠃
   ᠯᠢᠶᠠᠩᠴᠧᠩ ᠰᠢᠶᠠᠨ ᠤ ᠴᠧᠨ ᠴᠢᠶᠠᠩ ᠲᠣᠰᠤᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠳᠤ᠂ ᠨᠡᠶᠢᠭᠡᠮ ᠲᠣᠭᠤᠷᠢᠭ ᠤᠨ ᠠᠵᠢᠯᠲᠠᠳ ᠦᠢᠯᠡᠳᠪᠦᠷᠢᠯᠡᠯ ᠤᠨ ᠲᠠᠰᠤᠭ ᠲᠤ ᠣᠷᠣᠵᠤ᠂ ᠡᠳ᠋ᠰᠢᠭᠦᠯᠦᠨ ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠠᠴᠠ ᠳᠤᠷᠠᠳᠤᠭᠰᠠᠨ ᠠᠯᠢ ᠤᠯᠠᠨ ᠴᠢᠬᠤᠯᠠ ᠥᠭᠡᠷᠡᠴᠢᠯᠡᠯᠲᠡ᠂ ᠴᠢᠬᠤᠯᠠ ᠶᠡᠭᠡ ᠠᠷᠭ᠎ᠠ ᠬᠡᠮᠵᠢᠶ᠎ᠡ ᠶᠢᠨ ᠲᠤᠬᠠᠢ ᠭᠦᠨᠵᠡᠭᠡᠢ ᠰᠤᠷᠤᠯᠴᠠᠪᠠ᠃ ᠢᠯᠠᠩᠭᠤᠶ᠎ᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠎ ᠳᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠪᠠ ᠨᠡᠩ ᠤᠯᠠᠨ ᠲᠣᠬᠢᠶᠠᠯ ᠬᠠᠩᠭᠠᠬᠤ ᠴᠢᠭᠯᠡᠯᠲᠡ ᠲᠦᠷᠦ ᠶᠢᠨ ᠪᠤᠳᠤᠯᠭ᠎ᠠ ᠨᠢ ᠦᠢᠯᠡᠳᠪᠦᠷᠢ ᠶᠢᠨ ᠬᠠᠷᠢᠭᠤᠴᠠᠯᠭᠠᠲᠠᠨ ᠲᠠᠢ ᠭᠦᠨᠵᠡᠭᠡᠢ ᠰᠤᠷᠤᠯᠴᠠᠨ ᠰᠣᠯᠢᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠯᠢᠶᠠᠩᠴᠧᠩ ᠰᠢᠶᠠᠨ ᠤ ᠴᠧᠨ ᠴᠢᠶᠠᠩ ᠲᠣᠰᠤᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠶᠢᠨ ᠬᠠᠷᠢᠭᠤᠴᠠᠯᠭᠠᠲᠠᠨ ᠴᠧᠨ ᠴᠢᠶᠠᠩ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠡᠮᠵᠢᠯᠭᠡ ᠳᠣᠣᠷ᠎ᠠ᠂ ᠮᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠦᠷᠭᠦᠯᠵᠢᠯᠡᠨ ᠬᠥᠭᠵᠢᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃
     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠣᠨᠣᠯ ᠤᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠳᠥᠯᠭᠢᠨ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2