2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠦᠷᠳᠡᠭᠡ ᠶᠢᠨ ᠵᠢᠭᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/5
   8 ᠰᠠᠷ᠎ᠠ ᠶᠢᠨ 3 ᠤ ᠡᠳᠦᠷ᠂ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠦᠷᠳᠡᠭᠡ ᠶᠢᠨ ᠵᠢᠭᠠᠨ ᠵᠢᠯᠣᠭᠤᠳᠴᠤ ᠬᠠᠷᠢᠭᠤ ᠲᠤᠰᠬᠠᠭᠰᠠᠨ ᠰᠠᠨᠠᠯ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠭᠦᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ ᠤᠨ ᠳᠡᠳ᠋ ᠳᠠᠷᠤᠭ᠎ᠠ ᠭᠦᠸᠧ ᠶᠢᠦ ᠺᠦᠨ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠸᠠᠩ ᠱᠢ ᠫᠢᠩ᠂ ᠳᠡᠳ᠋ ᠲᠣᠪᠴᠢᠶᠠᠨ ᠳᠠᠷᠤᠭ᠎ᠠ ᠹᠧᠩ ᠬᠤᠤ ᠬᠠᠢ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠯᠢᠦ ᠶᠢᠨ ᠲᠤᠤ ᠬᠤᠷᠠᠯ ᠢ ᠡᠷᠬᠢᠯᠡᠵᠦ᠂ ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᠯᠢ ᡁᠢ ᠭᠠᠩ᠂ ᡂᠢ ᠵᠢᠶᠠᠨ ᠹᠧᠩ᠂ ᠹᠧᠩ ᠵᠢᠶᠦ᠋ᠨ ᠣᠷᠣᠯᠴᠠᠪᠠ᠃    ᠬᠤᠷᠠᠯ ᠠᠴᠠ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠷᠳᠡᠭᠡ ᠳᠤ ᠰᠠᠭᠤᠭ᠎ᠠ ᠵᠢᠯᠣᠭᠤᠳᠬᠤ ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ ᠤᠨ ᠪᠠᠶᠢᠳᠠᠯ ᠢ ᠮᠡᠳᠡᠭᠳᠡᠵᠦ᠂ ᠦᠷᠳᠡᠭᠡ ᠳᠤ ᠰᠠᠭᠤᠭ᠎ᠠ ᠵᠢᠯᠣᠭᠤᠳᠬᠤ ᠳᠤᠭᠤᠶᠢᠯᠠᠩ ᠳᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠭᠤᠯᠭ᠎ᠠ ᠳᠤᠷᠠᠳᠴᠠᠢ᠃    ᠯᠢᠦ ᠶᠢᠨ ᠲᠤᠤ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠵᠢᠴᠢ ᠲᠣᠭᠤᠷᠢᠭ᠂ ᠬᠤᠳᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠷᠢᠭ᠎ᠠ ᠱᠤᠭᠤᠮ ᠢ ᠰᠠᠬᠢᠬᠤ᠂ ᠬᠥᠭᠵᠢᠯᠲᠡ ᠶᠢ ᠠᠳᠬᠤᠬᠤ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠭᠠᠷᠳᠠᠨ ᠬᠢᠵᠦ᠂ ᠴᠠᠭ ᠪᠠ ᠤᠶᠤᠨ ᠴᠢᠳᠠᠯ ᠢᠶᠠᠨ ᠲᠥᠪᠯᠡᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠤᠰᠠᠳᠬᠠᠬᠤ ᠳᠠᠶᠢᠯᠠᠯᠳᠤᠭᠠᠨ ᠢ ᠬᠢᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠲᠥᠰᠦᠯ ᠲᠣᠭᠲᠠᠭᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠ ᠴᠠᠭ ᠤᠨ ᠬᠢᠵᠠᠭᠠᠷ ᠢ ᠲᠣᠳᠣᠷᠬᠠᠶᠢᠯᠠᠵᠤ᠂ ︽ᠴᠡᠭ ᠠᠴᠠ ᠴᠡᠭ ᠲᠤ ᠬᠦᠷᠬᠦ︾ ᠪᠣᠳᠠᠲᠠᠶ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠪᠣᠶ ᠪᠥᠬᠦᠶ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠠᠩᠬᠢ ᠪᠠᠶᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠬᠠᠮᠤᠭ ᠤᠨ ᠲᠥᠪ ᠴᠢᠩᠭ᠎ᠠ ᠣᠪᠣᠷ᠂ ᠬᠠᠮᠤᠭ ᠤᠨ ᠴᠢᠩᠭ᠎ᠠ ᠰᠠᠬᠢᠯᠭ᠎ᠠ ᠪᠠᠲᠤ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠴᠢᠩᠭ᠎ᠠ ᠪᠣᠳᠠᠲᠠᠢ ᠰᠤᠷᠲᠠᠯ ᠢᠶᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃                                                 ᠨᠠᠶᠢᠷᠠᠭᠤᠯᠤᠭᠴᠢ᠄   ᠶᠠᠩ  ᠿᠦᠢ ᠵᠧᠨ                                                 ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2