ᠯᠢᠶᠠᠩᠴᠧᠩ ᠰᠢᠶᠠᠨ ᠤ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ ᠪᠠᠰᠠ ᠨᠢᠭᠡᠨ ᠬᠠᠯᠠᠮᠰᠢᠯᠳᠦ ᠵᠢᠭᠤᠯᠴᠢᠯᠠᠯ ᠤᠨ ᠺᠠᠷᠲ᠋ᠣᠨ ᠤ ᠭᠠᠵᠠᠷ ᠢ ᠵᠠᠰᠠᠨ ᠡᠵᠡᠩᠨᠡᠬᠦ ᠪᠣᠯᠪᠠ
ᠨᠡᠶᠢᠲᠡᠯᠡᠭᠰᠡᠨ ᠴᠠᠭ᠄
2024/8/6
  ᠵᠤᠨ ᠤ ᠤᠯᠠᠷᠢᠯ ᠳᠤ ᠪᠦᠬᠦ ᠤᠯᠤᠰ ᠤᠨ ᠣᠯᠠᠨ ᠭᠠᠵᠠᠷ ᠲᠤ ᠥᠨᠳᠥᠷ ᠳᠤᠯᠠᠭᠠᠨ ᠦᠷᠭᠦᠯᠵᠢᠯᠡᠵᠦ᠂ ᠯᠢᠶᠠᠩᠴᠧᠩ ᠰᠢᠶᠠᠨ ᠰᠡᠷᠢᠭᠦᠨ ᠲᠠᠭᠠᠯᠠᠮᠵᠢᠲᠠᠢ ᠠᠭᠤᠷ ᠠᠮᠢᠰᠬᠤᠯ ᠢᠶᠠᠷ ᠢᠶᠠᠨ ᠰᠢᠨ᠎ᠡ ᠬᠠᠯᠠᠭᠤᠨ ᠡᠭᠦᠳᠡᠨ ᠤ ᠵᠤᠰᠠᠯᠠᠩ ᠪᠣᠯᠪᠠ᠃ ᠤᠶᠢᠷ᠎ᠠ ᠶᠢᠨ ᠡᠳᠦᠷ᠂ ᠯᠢᠶᠠᠩᠴᠧᠩ ᠰᠢᠶᠠᠨ ᠤ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤᠨ ᠤ ᠪᠠᠰᠠ ᠨᠢᠭᠡᠨ ᠵᠢᠭᠤᠯᠴᠢᠯᠠᠯ ᠤᠨ ᠬᠠᠯᠠᠮᠰᠢᠯ ᠭᠠᠵᠠᠷ — ᠮᠣᠩᠭᠤᠯ ᠵᠠᠮ ᠤᠨ ᠲᠡᠷᠭᠡ ᠵᠢᠯᠣᠭᠤᠳᠬᠤ ᠭᠠᠵᠠᠷ ᠤᠨ ᠬᠤᠪᠴᠠᠰᠤ ᠵᠠᠰᠠᠯ ᠤᠨ ᠡᠵᠡᠩᠨᠡᠯᠲᠡ᠂ ᠡᠯ᠎ᠡ ᠭᠠᠵᠠᠷ ᠤᠨ ᠵᠢᠭᠤᠯᠴᠢᠯᠠᠯ ᠤᠨ  ᠲᠤᠷᠠᠴᠤᠳ ᠤᠨ ᠳᠤᠷ᠎ᠠ ᠪᠠᠬ᠎ᠠ ᠶᠢ ᠲᠠᠲᠠᠵᠤ᠂ ᠥᠪᠡᠷᠮᠢᠴᠡ ᠪᠥᠭᠡᠳ  ᠮᠠᠷᠳᠠᠭᠳᠠᠰᠢ ᠦᠭᠡᠢ ᠯᠢᠶᠠᠩᠴᠧᠩ ᠤᠨ ᠵᠢᠭᠤᠯᠴᠢᠯᠠᠯ ᠢ ᠡᠬᠢᠯᠡᠭᠦᠯᠵᠡᠢ᠃
     ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤᠨ ᠳᠤ ᠣᠷᠣᠬᠤ ᠳᠤ᠂ ᠮᠧᠩ ᠲᠤ ᠲᠡᠷᠭᠡ ᠵᠢᠯᠣᠭᠤᠳᠬᠤ ᠭᠠᠵᠠᠷ ᠤᠨ ᠲᠡᠷᠭᠡ ᠵᠢᠯᠣᠭᠤᠳᠬᠤ ᠭᠠᠵᠠᠷ ᠠᠭᠤᠯᠠ ᠬᠦᠷᠢᠶᠡᠯᠡᠵᠦ ᠪᠠᠶᠢᠭ᠎ᠠ ᠳᠤᠮᠳᠠ ᠪᠠᠶᠢᠷᠢᠯᠠᠵᠤ᠂ ᠣᠷᠴᠢᠨ ᠲᠣᠭᠤᠷᠢᠨ ᠭᠤᠶᠢᠳᠠ ᠰᠠᠶᠢᠬᠠᠨ ᠪᠠᠶᠢᠵᠤ᠂ ᠡᠬᠡ ᠪᠠᠶᠢᠭᠠᠯᠢ ᠲᠠᠢ ᠭᠦᠢᠴᠡᠳ ᠠᠭᠤᠰᠤᠯᠴᠠᠪᠠ᠃ ᠨᠢᠭᠡ ᠬᠡᠯᠪᠡᠷᠢ ᠳᠦᠷᠰᠦ ᠨᠢ ᠠᠳᠠᠯᠢ ᠦᠭᠡᠢ ᠭᠡᠷ ᠲᠡᠷᠭᠡ ᠠᠳᠡ ᠲᠡᠨᠳᠡ ᠲᠠᠷᠬᠠᠵᠤ᠂ ᠡᠯ᠎ᠡ ᠵᠦᠢᠯ ᠤᠨ ᠵᠤᠭ᠎ᠠ ᠴᠡᠩᠭᠡᠯ ᠤᠨ ᠲᠥᠬᠦᠭᠡᠷᠦᠮᠵᠢ ᠪᠠ ᠭᠡᠷ ᠲᠡᠷᠭᠡ ᠬᠠᠩᠭᠠᠬᠤ ᠵᠢᠭᠤᠯᠴᠢᠯᠠᠯ ᠤᠨ ᠢᠵᠢ ᠪᠦᠷᠢᠳᠦᠭᠰᠡᠨ ᠲᠥᠬᠦᠭᠡᠷᠦᠮᠵᠢ ᠨᠢ ᠴᠥᠮ ᠪᠦᠷᠢᠨ ᠪᠠᠶᠢᠵᠤ᠂ ᠲᠣᠭᠯᠠᠭᠠᠮ ᠬᠢᠵᠦ᠂ ᠰᠠᠶᠢᠬᠠᠨ ᠦᠵᠡᠮᠵᠢ ᠰᠣᠨᠢᠷᠬᠠᠨ᠂ ᠵᠤᠭᠠᠴᠠᠨ ᠲᠣᠭᠤᠷᠢᠵᠤ᠂ ᠪᠠᠶᠠᠷ ᠪᠠᠭ᠋ᠠᠳᠤᠯ ᠤᠨ ᠦᠭᠡ ᠶᠠᠷᠢᠶ᠎ᠠ ᠪᠠᠷ ᠳᠦᠭᠦᠷᠴᠡᠢ᠃   ᠳ᠋ᠠᠲ᠋ᠦ᠋ᠩ ᠤᠨ ᠵᠤᠭᠠᠴᠠᠭᠰᠠᠳ ᠱᠠᠩ ᠷᠠᠨ᠄ ︽ᠪᠢ ᠪᠣᠯ ᠳ᠋ᠠᠲ᠋ᠦ᠋ᠩ ᠤᠨ ᠪᠢᠴᠢᠬᠠᠨ  ᠨᠠᠶᠢᠵᠠ᠂ ᠡᠨᠡ ᠵᠢᠯ ᠤᠨ ᠵᠤᠨ ᠤ ᠠᠮᠠᠷᠠᠯᠲᠠ ᠳᠤ ᠣᠨᠴᠠᠭᠠᠢᠯᠠᠨ ᠯᠢᠶᠠᠩᠴᠧᠩ  ᠳᠤ ᠢᠷᠡᠵᠦ ᠨᠠᠭᠠᠳᠤᠨ᠎ᠠ᠃ ᠪᠢ ᠲᠠᠭ᠎ᠠ ᠶᠢᠨ ᠨᠠᠭᠤᠷ᠂ ᠬᠠᠯᠠᠭᠤᠨ ᠷᠠᠰᠢᠶᠠᠨ ᠳᠤ ᠬᠦᠷᠴᠦ᠂ ᠦᠨᠤᠳᠤᠷ ᠪᠠᠰᠠ ᠹᠠᠩ ᠴᠧ ᠬᠤᠸᠠᠷᠠᠨ ᠳᠤ ᠬᠦᠷᠴᠤ ᠢᠷᠡᠪᠡ᠃ ᠯᠢᠶᠠᠩᠴᠧᠩ  ᠰᠢᠶᠠᠨ ᠤ ᠦᠵᠡᠮᠵᠢ  ᠤᠨᠴᠠᠭᠠᠢ ᠭᠤᠶᠣ᠂ ᠪᠠᠰᠠ ᠲᠣᠩ ᠰᠡᠷᠢᠭᠦᠨ᠂ ᠪᠢ ᠠᠳᠡ ᠲᠣᠩ ᠳᠤᠷᠠᠲᠠᠢ᠃
   ᠯᠢᠶᠠᠩᠴᠧᠩ ᠰᠢᠶᠠᠨ ᠤ  ᠮᠧᠩ ᠲᠦ᠋ ᠲᠡᠷᠭᠡ ᠵᠢᠯᠣᠭᠤᠳᠬᠤ ᠭᠠᠵᠠᠷ ᠢ 2024 ᠣᠨ ᠤ 5 ᠰᠠᠷ᠎ᠠ ᠶᠢᠨ 29 ᠤ ᠡᠳᠦᠷ ᠪᠠᠶᠢᠭᠤᠯᠵᠤ᠂ 3000 ᠲᠦᠮᠡᠨ ᠲᠥᠭᠦᠷᠢᠭ ᠤᠨ ᠪᠠᠯᠠ ᠣᠷᠣᠭᠤᠯᠵᠤ᠂ 10000 ᠲᠡᠭᠰᠢ ᠳᠥᠷᠪᠡᠯᠵᠢᠨ  ᠮᠧᠲᠷ ᠲᠠᠯᠠᠪᠠᠶ ᠲᠠᠢ᠂ ᠪᠠᠷᠢᠯᠭ᠎ᠠ ᠶᠢᠨ ᠣᠨᠴᠠᠯᠢᠭ ᠨᠢ ᠲᠡᠯᠡᠶ ᠶᠢᠨ ᠦᠵᠡᠮᠵᠢ ᠶᠢᠨ ᠬᠡᠷ᠂ ᠬᠡᠷ ᠪᠠᠶᠢᠰᠢᠩ᠂ ᠰᠠᠨᠰᠠᠷ ᠤᠨ ᠥᠷᠥᠭᠡ᠂ ᠣᠳᠣᠨ ᠣᠭᠲᠠᠷᠭᠤᠶ ᠶᠢᠨ ᠥᠷᠥᠭᠡ᠂ ᠵᠤᠰᠠᠯᠠᠩ᠂ ᠪᠠᠶᠢᠭᠠᠯᠢ ᠶᠢᠨ ᠬᠠᠯᠠᠭᠤᠨ ᠷᠠᠰᠢᠶᠠᠨ ᠤ ᠣᠯᠠᠨ ᠬᠡᠮᠵᠢᠯᠳᠦ ᠠᠭᠤᠯᠭ᠎ᠠ ᠪᠠᠷ ᠵᠢᠷᠤᠵᠤ ᠲᠥᠯᠥᠪᠯᠡᠵᠡᠢ᠃ ᠡᠵᠡᠩᠨᠡᠯᠲᠡ ᠶᠢᠨ ᠠᠭᠤᠯᠭ᠎ᠠ ᠨᠢ ᠭᠤᠤᠯᠳᠠᠭᠤ ᠬᠤᠨᠣᠭᠯᠠᠬᠤ᠂ ᠪᠠᠶᠢᠭᠠᠯᠢ ᠶᠢᠨ ᠬᠠᠯᠠᠭᠤᠨ ᠷᠠᠰᠢᠶᠠᠨ ᠤ ᠰᠤᠪᠢᠯᠠᠯᠲᠠ᠂ ᠰᠡᠯᠡᠭᠦᠴᠡᠯ᠂ ᠵᠤᠭ᠎ᠠ ᠴᠡᠩᠭᠡᠯ᠂ ᠢᠳᠡᠭᠡᠨ ᠤᠮᠳᠠᠭᠠᠨ ᠵᠡᠷᠭᠡ ᠣᠯᠠᠨ ᠵᠦᠢᠯ ᠤᠨ ᠲᠥᠷᠥᠯ ᠵᠦᠢᠯ ᠢᠶᠠᠷ ᠵᠤᠭᠠᠴᠠᠭᠰᠠᠳ ᠲᠤ ᠤᠷᠢᠳ ᠡᠮᠦᠨ᠎ᠡ ᠪᠠᠶᠢᠭ᠎ᠠ ᠦᠭᠡᠢ ᠨᠡᠪᠴᠢᠯᠲᠡ ᠶᠢᠨ ᠮᠠᠶ᠋ᠢᠭ ᠤᠨ ᠠᠶᠠᠯᠠᠯ ᠤᠨ ᠣᠶᠢᠯᠠᠭᠠᠯᠲᠠ ᠬᠠᠩᠭᠠᠭᠰᠠᠨ ᠪᠠᠶᠢᠨ᠎ᠠ᠃ ᠴᠡᠷᠢᠭ ᠤᠨ ᠬᠤᠸᠠᠷᠠᠨ ᠤ ᠡᠮᠦᠨ᠎ᠡ ᠡᠮᠦᠨᠡᠰᠢ ᠪᠠᠨ ᠳᠠᠭ᠎ᠠ ᠶᠢᠨ ᠨᠠᠭᠤᠷ ᠢᠷᠡᠵᠦ᠂ ᠬᠤᠶᠢᠰᠢ ᠪᠠᠨ ᠯᠢᠶᠠᠩᠴᠧᠩ ᠤᠨ ᠴᠠᠰᠤᠨ ᠳᠤ ᠭᠤᠯᠭᠤᠬᠤ ᠲᠠᠯᠠᠪᠠᠢ᠂ ᠡᠷᠬᠢᠨ ᠲᠣᠭᠤᠷᠢᠨ ᠳᠤ ᠮᠣᠷᠢᠨ ᠳᠠᠪᠠᠭᠠᠨ ᠤ ᠬᠠᠯᠠᠭᠤᠨ ᠷᠠᠰᠢᠶᠠᠨ ᠤ ᠬᠤᠳᠠ ᠪᠣᠯᠤᠨ ᠮᠣᠷᠢᠨ ᠬᠠᠷᠤᠭᠤᠯ ᠤᠨ ᠣᠳᠣᠨ ᠣᠭᠲᠠᠷᠭᠤᠢ ᠶᠢᠨ ᠦᠵᠡᠮᠵᠢ ᠶᠢᠨ ᠬᠡᠭᠡᠷ᠎ᠡ ᠪᠠᠭᠤᠳᠠᠯᠯᠠᠬᠤ ᠭᠠᠵᠠᠷ ᠲᠠᠢ ᠪᠠᠶᠢᠵᠤ᠂ ᠳᠠᠭ᠎ᠠ ᠶᠢᠨ ᠨᠠᠭᠤᠷ ᠵᠢᠴᠢ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤᠨ ᠤ ᠳᠣᠲᠣᠷᠠᠬᠢ ᠵᠢᠭᠤᠯᠴᠢᠯᠠᠯ ᠤᠨ ᠲᠥᠷᠥᠯ ᠵᠦᠢᠯ ᠢ ᠨᠡᠩ ᠪᠠᠶᠠᠯᠢᠭᠵᠢᠭᠤᠯᠵᠤ᠂ ᠢᠵᠢ ᠲᠥᠬᠦᠭᠡᠷᠦᠮᠵᠢ ᠨᠡᠩ ᠲᠡᠭᠦᠯᠳᠡᠷᠵᠢᠭᠰᠡᠨ ᠪᠠᠶᠢᠨ᠎ᠠ᠃ ᠬᠡᠷ ᠪᠠᠶᠢᠰᠢᠩ ᠤᠨ ᠳᠣᠲᠣᠷᠠᠬᠢ ᠲᠥᠬᠦᠭᠡᠷᠦᠮᠵᠢ ᠶᠢ ᠪᠦᠷᠢᠨ ᠣᠶᠤᠨᠴᠢ ᠪᠠᠷ ᠨᠢᠭᠡ ᠴᠤᠭᠴᠠᠵᠢᠭᠤᠯᠵᠤ᠂ ᠤᠨᠲᠠᠬᠤ ᠥᠷᠥᠭᠡ᠂ ᠵᠣᠴᠢᠨ ᠤ ᠲᠢᠩᠬᠢᠮ᠂ ᠲᠣᠭᠤᠭᠠᠨ ᠬᠡᠷ ᠪᠠ ᠠᠷᠢᠭᠤᠨ ᠴᠡᠪᠡᠷ ᠤᠨ ᠲᠠᠰᠤᠯᠭ᠎ᠠ ᠲᠠᠢ ᠪᠣᠯᠭᠠᠨ᠎ᠠ᠃ ᠲᠡᠷᠭᠡᠨ ᠤ ᠭᠠᠳᠠᠷ ᠬᠠᠯᠢᠰᠤ ᠶᠢ ᠳᠡᠭᠡᠳᠦ ᠵᠡᠷᠭᠡ ᠶᠢᠨ ᠬᠥᠩᠭᠡᠨ ᠴᠠᠭᠠᠨ ᠤ ᠰᠦᠯᠢᠶᠣᠣ ᠮᠠᠲ᠋ᠧᠷᠢᠶᠠᠯ ᠪᠣᠯᠭᠠᠵᠤ᠂ ᠲᠡᠷᠭᠡᠨ ᠳᠣᠲᠣᠷᠠᠬᠢ ᠠᠭᠠᠷ ᠲᠣᠬᠢᠷᠠᠭᠤᠯᠤᠭᠴᠢ᠂ ᠭᠠᠵᠠᠷ ᠤᠨ ᠳᠤᠯᠠᠭᠠᠯᠠᠭ᠎ᠠ ᠶᠢ ᠪᠦᠷᠢᠨ ᠪᠥᠷᠬᠦᠭᠦᠯᠵᠦ᠂ ᠵᠣᠨ ᠤ ᠬᠠᠯᠠᠭᠤᠨ ᠠᠴᠠ ᠵᠠᠶᠢᠯᠠᠵᠤ᠂ ᠡᠪᠦᠯ ᠤᠨ ᠤᠯᠠᠷᠢᠯ ᠳᠤ ᠬᠡᠷ ᠠᠴᠠ ᠪᠠᠨ 30°C ᠣᠷᠴᠢᠮ ᠤᠨ ᠬᠦᠢᠲᠡᠨ ᠳᠤᠯᠠᠭᠠᠨ ᠢ ᠡᠰᠡᠷᠭᠦᠴᠡᠨ ᠬᠤᠷᠢᠭᠯᠠᠵᠤ᠂ ᠤᠮᠠᠷᠠᠲᠤ ᠣᠷᠣᠨ ᠳᠤ ᠴᠥᠭᠡᠨ ᠪᠠᠶᠢᠳᠠᠭ ᠡᠪᠦᠯ ᠤᠨ ᠤᠯᠠᠷᠢᠯ ᠳᠤ ᠬᠡᠪ ᠤᠨ ᠶᠣᠰᠣᠭᠠᠷ ᠠᠵᠢᠯᠯᠠᠵᠤ ᠳᠡᠶᠢᠯᠬᠦ ᠬᠡᠷ ᠲᠡᠷᠭᠡ ᠶᠢᠨ ᠬᠤᠸᠠᠷᠠᠨ ᠪᠠᠶᠢᠳᠠᠭ᠃
   ᠯᠢᠶᠠᠩᠴᠧᠩ ᠰᠢᠶᠠᠨ ᠤ ᠮᠧᠩ ᠲᠦ᠋ ᠲᠡᠷᠭᠡ ᠵᠢᠯᠣᠭᠤᠳᠬᠤ ᠭᠠᠵᠠᠷ ᠤᠨ ᠳᠠᠭᠠᠭᠠᠮᠠᠯ ᠸᠠᠩ ᠬᠠᠢ ᠶᠠᠨ᠄ ︽ᠮᠠᠨ ᠤ ᠮᠣᠩᠭᠤᠯ ᠵᠠᠮ ᠤᠨ ᠲᠡᠷᠭᠡ ᠵᠢᠯᠣᠭᠤᠳᠬᠤ ᠭᠠᠵᠠᠷ ᠲᠤ ᠣᠭᠲᠠᠷᠭᠤᠶ ᠶᠢᠨ ᠥᠷᠥᠭᠡ᠂ ᠲᠡᠷᠭᠡ ᠵᠢᠯᠣᠭᠤᠳᠬᠤ᠂ ᠬᠡᠭᠡᠷ᠎ᠡ ᠲᠠᠯ᠎ᠠ ᠶᠢᠨ ᠭᠡᠷ ᠵᠡᠷᠭᠡ ᠪᠠᠶᠢᠨ᠎ᠠ᠂ ᠵᠤᠭᠠᠴᠠᠭᠰᠠᠳ ᠣᠷᠣᠨ ᠰᠠᠭᠤᠴᠠ ᠶᠢᠨ ᠲᠡᠷᠭᠡ ᠪᠠᠨ ᠡᠳ᠋ᠯᠡᠵᠦ᠂ ᠬᠠᠯᠠᠭᠤᠨ ᠷᠠᠰᠢᠶᠠᠨ ᠳᠤ ᠣᠷᠣᠵᠤ᠂ ᠳᠠᠯᠠᠢ ᠶᠢᠨ ᠦᠵᠡᠮᠵᠢ ᠶᠢ ᠰᠣᠨᠢᠷᠬᠠᠵᠤ᠂ ᠣᠳᠣᠨ ᠣᠭᠲᠠᠷᠭᠤᠢ ᠶᠢ ᠬᠠᠷᠠᠵᠤ᠂ ᠠᠮᠲᠠᠲᠤ ᠢᠳᠡᠭᠡᠨ ᠤ ᠨᠢᠭᠡ ᠥᠷᠲᠡᠭᠡᠨ ᠤ ᠮᠠᠶ᠋ᠢᠭ ᠤᠨ ᠣᠶᠢᠯᠠᠭᠠᠯᠲᠠ ᠶᠢ ᠬᠦᠷᠲᠡᠵᠦ᠂ ᠲᠡᠳᠡᠨ ᠢ ᠪᠡᠶ᠎ᠡ ᠰᠡᠳᠬᠢᠯ ᠢᠶᠠᠨ ᠠᠮᠠᠷᠠᠭᠤᠯᠬᠤ ᠶᠢᠨ ᠬᠠᠮᠲᠤ ᠠᠭᠤᠯᠠ ᠤᠰᠤᠨ ᠤ ᠯᠢᠶᠠᠩᠴᠧᠩ ᠤᠨ ᠰᠢᠯᠦᠭ ᠪᠠ ᠠᠯᠤᠰ ᠢᠷᠡᠭᠡᠳᠦᠶ ᠶᠢ ᠡᠳ᠋ᠯᠡᠭᠦᠯᠪᠡ︾ ᠭᠡᠵᠦ ᠬᠡᠯᠡᠪᠡ᠃                        ᠨᠠᠶᠢᠷᠠᠭᠤᠯᠤᠭᠴᠢ᠄   ᠴᠧᠨ ᠰᠢᠶᠤᠤ ᠵᠢᠤᠸᠠᠨ                        ᠤᠷᠴᠢᠭᠤᠯᠤᠭᠴᠢ  ᠄   ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2