ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/12
  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠯᠢᠶᠠᠩᠴᠧᠩ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠤᠨ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ᠂ ᠴᠢᠨᠠᠷ ᠰᠠᠶᠢᠲᠠᠢ ᠪᠦᠳᠦᠭᠡᠨ ᠪᠠᠶᠢᠭᠤᠯᠤᠯᠲᠠ ᠶᠢᠨ ︽ᠲᠠᠪᠤᠨ ᠬᠦᠴᠦᠷᠬᠡᠭ ᠰᠢᠶᠠᠨ︾᠎ ᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ︽ᠳᠤᠯᠤᠭ᠎ᠠ ᠶᠢ ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠡᠢ᠃
   ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠭᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠎ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠬᠤ ᠵᠢᠴᠢ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠵᠡᠷᠭᠡ ᠲᠠᠯ᠎ᠠ ᠪᠠᠷ ᠬᠤᠷᠢᠶᠠᠩᠭᠤᠶᠢᠯᠠᠨ ᠡᠮᠬᠢᠯᠡᠬᠦ ᠪᠠ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠃
   ᠳᠠᠷᠠᠭᠠᠴᠢ ᠶᠢᠨ ᠠᠯᠬᠤᠮ ᠳᠤ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠦᠷᠭᠦᠯᠵᠢᠯᠡᠨ ᠤᠨᠤᠯ ᠤᠨ ᠰᠤᠷᠤᠯᠴᠠᠯᠭ᠎ᠠ ᠶᠢ ᠭᠦᠨᠵᠡᠭᠡᠢ ᠰᠠᠶᠢᠲᠤᠷ ᠠᠳᠬᠤᠬᠤ᠂ ᠤᠨᠤᠯ ᠤᠨ ᠤᠬᠠᠭᠤᠯᠭ᠎ᠠ ᠶᠢ ᠰᠠᠶᠢᠲᠤᠷ ᠠᠳᠬᠤᠬᠤ᠂ ᠰᠤᠳᠤᠯᠤᠨ ᠲᠠᠶᠢᠯᠪᠤᠷᠢᠯᠠᠬᠤ ᠶᠢ ᠰᠠᠶᠢᠲᠤᠷ ᠠᠳᠬᠤᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠷᠭᠦᠯᠵᠢᠯᠡᠨ ᠪᠤᠢ ᠪᠣᠯᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠣᠯᠤᠨ᠎ᠠ᠃                                        ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2