ᠮᠠᠨ ᠤ ᠰᠢᠶᠠᠨ ︽2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/12
    ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠬᠠᠶ ︽ᠳᠥᠷᠪᠡ ᠶᠢ ᠪᠠᠷᠢᠮᠲᠠᠯᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠤᠬᠠᠭᠤᠯᠤᠨ ᠲᠦᠭᠡᠮᠡᠯᠵᠢᠭᠦᠯᠵᠦ᠂ ᠪᠥᠬᠦ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 9 ᠰᠠᠷ᠎ᠠ ᠶᠢᠨ 9᠎ ᠤ ᠡᠳᠦᠷ᠂ ᠮᠠᠨ ᠤ ᠰᠢᠶᠠᠨ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾᠎ ᠪᠠᠷ ᠭᠤᠤᠯ ᠰᠡᠳᠦᠪ ᠪᠣᠯᠭᠠᠭᠰᠠᠨ ᠯᠢᠶᠠᠩᠴᠧᠩ ᠰᠢᠶᠠᠨ ᠤ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠢ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠨᠢᠭᠡᠴᠡ ᠶᠢᠨ ᠠᠵᠢᠯᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
       ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ᠂ ᠵᠠᠷᠯᠠᠯ ᠨᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠶᠢ ᠠᠰᠢᠭᠯᠠᠨ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠳᠤ ᠡᠭᠡᠳᠡᠷᠡᠭᠡᠨ ᠪᠤᠳᠤᠯᠢᠶᠠᠨᠲᠠᠢ ᠰᠦᠯᠵᠢᠶᠡᠨ ᠤ ᠮᠡᠳᠡᠭᠡ ᠵᠠᠩᠭᠢ ᠶᠢᠨ ᠡᠮᠦᠨ᠎ᠡ ᠮᠠᠭᠤ ᠪᠠ ᠬᠤᠳᠠᠯ ᠬᠠᠭᠤᠷᠮᠠᠭ ᠬᠤᠣᠷ ᠬᠥᠨᠥᠭᠡᠯ ᠲᠠᠢ ᠰᠦᠯᠵᠢᠶᠡᠨ ᠤ ᠮᠡᠳᠡᠭᠡ ᠵᠠᠩᠭᠢ ᠶᠢ ᠡᠷᠡᠰ ᠬᠤᠷᠢᠭᠯᠠᠵᠤ᠂ ᠰᠦᠯᠵᠢᠶᠡᠨ ᠤ ᠪᠣᠯᠪᠠᠰᠤᠨ ᠤ ᠰᠠᠨᠠᠭᠠᠴᠢᠯᠠᠭᠴᠢ ᠪᠠ ᠤᠯᠠᠮᠵᠢᠯᠠᠭᠴᠢ ᠪᠣᠯᠬᠤ ᠶᠢ ᠰᠠᠨᠠᠭᠤᠯᠪᠠ᠃    ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠲᠠᠳ ᠪᠠᠰᠠ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠲᠤ ᠭᠦᠨᠵᠡᠭᠡᠶᠢᠷᠡᠨ᠂ ᠶᠠᠷᠢᠯᠴᠠᠨ ᠰᠣᠯᠢᠯᠴᠠᠬᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠭᠯᠠᠨ ᠪᠢᠴᠢᠬᠦ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠥᠮᠦᠵᠢᠯ ᠬᠢᠵᠦ᠂ ᠣᠯᠠᠨ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠳᠤ ᠬᠠᠮᠲᠤ ᠪᠠᠷ ᠣᠷᠣᠯᠴᠠᠵᠤ᠂ ᠪᠣᠯᠬᠢ ᠪᠦᠳᠦᠭᠦᠯᠢᠭ ᠮᠡᠳᠡᠭᠡ ᠵᠠᠩᠭᠢ ᠪᠠ ᠬᠠᠤᠯᠢ ᠠᠴᠠ ᠵᠥᠷᠢᠴᠡᠭᠰᠡᠨ ᠬᠤᠳᠠᠯ ᠬᠠᠭᠤᠷᠮᠠᠭ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠦᠯᠵᠢᠶᠡᠨ ᠤ ᠰᠠᠶᠢᠨ ᠰᠠᠶᠢᠬᠠᠨ ᠣᠷᠣᠨ ᠵᠠᠶ ᠶᠢ ᠬᠠᠮᠲᠤ ᠪᠠᠷ ᠬᠠᠮᠠᠭᠠᠯᠠᠬᠤ ᠶᠢ ᠤᠷᠢᠶᠠᠯᠠᠪᠠ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 5 ᠤᠬᠠᠭᠤᠯᠭ᠎ᠠ ᠶᠢᠨ ᠰᠠᠮᠪᠠᠷ᠎ᠠ ᠵᠣᠬᠢᠶᠠᠵᠤ᠂ 7 ᠤᠬᠠᠭᠤᠯᠭ᠎ᠠ ᠶᠢᠨ ᠤᠷᠢᠶ᠎ᠠ ᠡᠯᠭᠦᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾᠂ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠲᠦᠷᠢᠮ︾ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠶ ᠶᠢ ᠵᠠᠰᠠᠬᠤ ᠲᠣᠭᠲᠠᠭᠠᠯ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 5000 ᠭᠠᠷᠤᠶ ᠬᠤᠪᠢ ᠲᠠᠷᠬᠠᠭᠠᠵᠤ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢ 200 ᠬᠤᠪᠢ ᠲᠠᠷᠬᠠᠭᠠᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠲᠤ 800 ᠭᠠᠷᠤᠶ ᠬᠥᠮᠦᠨ ᠤᠳᠠᠭ᠎ᠠ ᠠᠰᠠᠭᠤᠨ ᠯᠠᠪᠯᠠᠬᠤ ᠶᠢ ᠬᠦᠯᠢᠶᠡᠪᠡ᠃ ᠤᠬᠠᠭᠤᠯᠭ᠎ᠠ ᠪᠠᠷ ᠳᠠᠮᠵᠢᠭᠤᠯᠤᠨ᠂ ᠠᠷᠠᠳ ᠣᠯᠠᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠰᠦᠯᠵᠢᠶᠡᠨ ᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠳᠤ ᠲᠦᠰᠢᠭᠯᠡᠬᠦ︾᠂ ︽ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠠᠰᠢᠭ ᠬᠦᠷᠲᠡᠭᠡᠵᠦ᠂ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠠᠤᠯᠢ ᠶᠣᠰᠣᠭᠠᠷ ᠰᠦᠯᠵᠢᠶᠡᠨ ᠳᠤ ᠭᠠᠷᠬᠤ᠂ ᠡᠷᠡᠭᠦᠯ ᠮᠡᠨᠳᠦ ᠪᠠᠷ ᠰᠦᠯᠵᠢᠶᠡᠨ ᠳᠤ ᠬᠡᠷᠡᠭᠯᠡᠬᠦ᠂ ᠪᠥᠬᠦ ᠠᠷᠠᠳ ᠢᠶᠠᠷ ᠢᠶᠠᠨ ᠲᠣᠣᠷ ᠢ ᠬᠠᠮᠠᠭᠠᠯᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃    ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠡᠯ᠎ᠡ ᠬᠠᠮᠢᠶ᠎ᠠ ᠪᠦᠬᠦᠢ ᠨᠢᠭᠡᠴᠡ ᠪᠠᠰᠠ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠲᠦᠷᠢᠮ ᠤᠨ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠭᠤᠣᠯ ᠰᠡᠳᠦᠪᠲᠦ ᠡᠳᠦᠷ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠣᠯᠤᠨ᠎ᠠ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2