ᠰᠢᠶᠠᠨ ᠤ ᠵᠠᠮ ᠤᠨ X571 ᠱᠤᠭᠤᠮ ︵ᠯᠢᠶᠠᠩᠴᠧᠩ ᠰᠢᠶᠠᠨ ᠤ ᠶᠦᠩ ᠰᠢᠩ ᠰᠦᠢᠳᠭᠡᠯ ᠬᠤᠷᠢᠶᠠᠬᠤ | ᠥᠷᠲᠡᠭᠡ ᠠᠴᠠ ᠬᠥᠬᠡᠬᠤᠲᠠ ᠶᠢᠨ ᠶᠠᠩ ᠱᠦ ᠸᠠᠨ ᠰᠦᠢᠳᠭᠡᠯ ᠬᠤᠷᠢᠶᠠᠬᠤ ᠥᠷᠲᠡᠭᠡ ᠬᠥᠷᠬᠦ︶ ᠲᠤ ᠵᠠᠮ ᠤᠨ | ᠭᠠᠳᠠᠷᠭᠤ ᠶᠢ ᠠᠷᠠᠴᠢᠯᠠᠨ ᠬᠠᠮᠠᠭᠠᠯᠠᠬᠤ ᠠᠵᠢᠯ ᠬᠢᠵᠦ᠂ ᠵᠠᠮ ᠤᠨ ᠪᠠᠷᠢᠯᠭ᠎ᠠ ᠶᠢᠨ ᠬᠤᠭᠤᠴᠠᠭᠠᠨ ᠳᠠᠬᠢ ᠵᠠᠮ | ᠬᠠᠷᠢᠯᠴᠠᠭᠠᠨ ᠤ ᠠᠮᠤᠷ ᠲᠦᠪᠰᠢᠨ ᠪᠠ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠰᠢᠶᠠᠨ ᠤ ᠵᠠᠮ ᠤᠨ X571 ᠱᠤᠭᠤᠮ ︵ᠯᠢᠶᠠᠩᠴᠧᠩ | ᠰᠢᠶᠠᠨ ᠤ ᠶᠦᠩ ᠰᠢᠩ ᠰᠦᠢᠳᠭᠡᠯ ᠬᠤᠷᠢᠶᠠᠬᠤ ᠥᠷᠲᠡᠭᠡ ᠠᠴᠠ ᠬᠥᠬᠡᠬᠤᠲᠠ ᠶᠢᠨ ᠶᠠᠩ ᠱᠤ᠋ ᠸᠠᠨ ᠰᠦᠢᠳᠭᠡᠯ | ᠬᠤᠷᠢᠶᠠᠬᠤ ᠥᠷᠲᠡᠭᠡ︶ ᠬᠦᠷᠬᠦ ᠵᠠᠮ ᠢ ᠪᠢᠲᠡᠭᠦᠮᠵᠢᠯᠡᠬᠦ ᠪᠠᠷ ᠲᠣᠭᠲᠠᠪᠠ᠂ ᠪᠣᠳᠠᠲᠠᠶ ᠪᠠᠷ ᠬᠡᠯᠡᠪᠡᠯ ᠳᠣᠤᠷᠠᠬᠢ ᠮᠡᠲᠦ | ᠵᠠᠷᠯᠠᠶ᠎ᠠ᠄ | ᠨᠢᠭᠡ᠂ ᠪᠢᠲᠡᠭᠦᠮᠵᠢᠯᠡᠭᠰᠡᠨ ᠵᠠᠮ ᠤᠨ ᠬᠡᠰᠡᠭ ᠤᠨ ᠰᠢᠶᠠᠨ ᠤ ᠵᠠᠮ ᠤᠨ X571 ᠱᠤᠭᠤᠮ ︵ᠯᠢᠶᠠᠩᠴᠧᠩ | ᠰᠢᠶᠠᠨ ᠤ ᠶᠦᠩ ᠰᠢᠩ ᠰᠦᠢᠳᠬᠡᠯ ᠬᠤᠷᠢᠶᠠᠬᠤ ᠥᠷᠲᠡᠭᠡ ᠠᠴᠠ ᠬᠥᠬᠡᠬᠤᠲᠠ ᠶᠢᠨ ᠶᠠᠩ ᠱᠤ᠋ ᠸᠠᠨ ᠰᠦᠢᠳᠭᠡᠯ | ᠬᠤᠷᠢᠶᠠᠬᠤ ᠥᠷᠲᠡᠭᠡ ᠶᠢᠨ ᠬᠡᠰᠡᠭ︶ ᠢ ᠪᠢᠲᠡᠭᠦᠮᠵᠢᠯᠡᠪᠡ᠃ | ᠬᠤᠶᠠᠷ᠂ ᠪᠢᠲᠡᠭᠦᠮᠵᠢᠯᠡᠭᠰᠡᠨ ᠴᠠᠭ ᠨᠢ 2024 ᠣᠨ ᠤ 9 ᠰᠠᠷ᠎ᠠ ᠶᠢᠨ 14 ᠤ ᠡᠳᠦᠷ ᠠᠴᠠ 2024 ᠣᠨ ᠤ | 10 ᠰᠠᠷ᠎ᠠ ᠶᠢᠨ 15 ᠤ ᠡᠳᠦᠷ ᠪᠣᠯᠲᠠᠯ᠎ᠠ᠃ | ᠭᠤᠷᠪᠠ᠂ ᠬᠥᠬᠡᠬᠤᠲᠠ ᠠᠴᠠ ᠯᠢᠶᠠᠩᠴᠧᠩ ᠰᠢᠶᠠᠨ ᠬᠥᠷᠬᠦ ᠬᠤᠤᠰ ᠴᠢᠭᠯᠡᠯ ᠢᠶᠠᠷ ᠵᠠᠮ ᠨᠡᠪᠲᠡᠷᠡᠭᠦᠯᠦᠶᠠ᠄ | ᠰᠢᠨ᠎ᠡ S102 ᠱᠤᠭᠤᠮ᠃ | ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠡᠷᠬᠢᠨ ᠲᠣᠭᠤᠷᠢᠨ ᠤ | ᠣᠯᠠᠨ ᠲᠦᠮᠡᠨ ᠤ ᠶᠠᠪᠤᠵᠤ ᠰᠠᠭᠤᠬᠤ ᠳᠤ ᠵᠣᠬᠢᠬᠤ ᠨᠥᠯᠥᠭᠡ ᠦᠵᠡᠭᠦᠯᠵᠦ᠂ ᠲᠣᠰ ᠵᠠᠮ ᠤᠨ ᠬᠡᠰᠡᠭ ᠲᠤ ᠲᠡᠷᠭᠡ | ᠬᠥᠰᠬᠡ ᠵᠦᠶ ᠵᠣᠬᠢᠰᠲᠠᠶ ᠵᠠᠮ ᠤᠨ ᠬᠡᠰᠡᠭ ᠢ ᠤᠷᠢᠳᠴᠢᠯᠠᠨ ᠰᠣᠩᠭᠤᠨ ᠶᠠᠪᠤᠭᠤᠯᠵᠤ᠂ ᠵᠠᠮ ᠬᠠᠷᠢᠯᠴᠠᠭᠠᠨ ᠤ | ᠴᠠᠭᠳᠠᠭ᠎ᠠ ᠪᠠ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠶᠢᠨ ᠠᠵᠢᠯᠲᠠᠨ ᠤ ᠵᠢᠯᠣᠭᠤᠳᠣᠯᠭ᠎ᠠ ᠶᠢ | ᠤᠬᠠᠮᠰᠠᠷ ᠠᠴᠠ ᠪᠠᠨ ᠲᠠᠭᠠᠵᠤ᠂ ᠪᠢᠳᠡ ᠪᠠᠷᠢᠯᠭ᠎ᠠ ᠶᠢᠨ ᠬᠤᠭᠤᠴᠠᠭᠠᠨ ᠳᠤ ᠣᠯᠠᠨ ᠲᠦᠮᠡᠨ ᠤ ᠶᠠᠪᠤᠵᠤ ᠰᠠᠭᠤᠬᠤ ᠳᠤ | ᠳᠥᠭᠦᠮ ᠦᠭᠡᠢ ᠪᠠᠶᠢᠬᠤ ᠲᠠᠯ᠎ᠠ ᠪᠠᠷ ᠭᠦᠨᠵᠡᠭᠡᠶ ᠣᠰᠣᠯ ᠬᠦᠯᠢᠶᠡᠵᠦ ᠪᠠᠶᠢᠨ᠎ᠠ᠃ | ᠯᠢᠶᠠᠩᠴᠧᠩ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ | ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠰᠠᠯᠪᠤᠷᠢ ᠠᠩᠭᠢ ᠶᠢᠨ ᠯᠢᠶᠠᠩᠴᠧᠩ | ᠰᠢᠶᠠᠨ ᠤ ᠶᠡᠭᠡ ᠠᠩᠭᠢ | 2024 ᠣᠨ ᠤ 9 ᠰᠠᠷ᠎ᠠ ᠶᠢᠨ 9 ᠤ ᠡᠳᠦᠷ |