ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ ᠦᠢᠯᠡᠳᠦᠯᠭᠡᠵᠢᠭᠦᠯᠬᠦ ᠲᠤᠰᠬᠠᠶ ᠰᠡᠳᠦᠪᠲᠦ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2024/9/12
   40 ᠳ᠋ᠦ᠋ᠭᠡᠷ ᠪᠠᠭᠰᠢ ᠶᠢᠨ ᠪᠠᠶᠠᠷ ᠤᠨ ᠲᠠᠰᠢᠷᠠᠮ ᠢᠶᠠᠷ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 10 ᠤ ᠡᠳᠦᠷ᠂ ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠨ ᠬᠥᠮᠦᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ ᠦᠢᠯᠡᠳᠦᠯᠭᠡᠵᠢᠭᠦᠯᠬᠦ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ᠃ ᠲᠠᠶᠢᠯᠤᠮᠵᠢ ᠳᠤ ᠰᠢᠶᠠᠨ ᠤ ᠤᠳᠤᠷᠢᠳᠤᠯᠭ᠎ᠠ ᠯᠦ ᠶᠢᠦ ᠹᠦ᠋ ᠶᠢ ᠤᠷᠢᠵᠤ᠂ ︽ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠰᠣᠶᠣᠯ ᠲᠠᠢ ᠬᠥᠮᠥᠨ - ᠶᠧ ᠵᠢᠶᠠ ᠶᠢᠩ᠄ ᠵᠠᠭᠤᠨ ᠨᠠᠰᠤᠲᠠᠢ ᠠᠪᠤᠭᠠᠢ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 200 ᠭᠠᠷᠤᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯᠳᠠᠨ ᠣᠷᠣᠯᠴᠠᠪᠠ᠃
    ᠲᠠᠶᠢᠯᠤᠮᠵᠢ ᠨᠢ ᠶᠧ ᠵᠢᠶᠠ ᠶᠢᠩ ᠠᠪᠤᠭᠠᠢ ᠶᠢᠨ ᠳᠤᠮᠳᠠᠳᠤ ᠤᠯᠤᠰ ᠤᠨ ᠡᠷᠲᠡᠨ ᠤ ᠰᠣᠩᠭᠤᠳᠠᠭ ᠰᠢᠯᠦᠭ ᠳᠠᠭᠤᠯᠠᠯ ᠳᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠢᠶᠠᠷ ᠪᠠᠷᠠᠬᠤ ᠥᠬᠡᠶ᠂ ᠲᠡᠭᠦᠨ ᠢ ᠰᠤᠷᠭᠠᠨ ᠬᠥᠮᠦᠵᠢᠯᠲᠡᠨ ᠤ ᠣᠶᠤᠨ ᠰᠠᠨᠠᠭᠠᠨ ᠤ ᠳᠣᠲᠣᠭᠠᠳᠤ ᠴᠥᠮ᠎ᠡ ᠶᠢ ᠨᠠᠩ ᠭᠦᠨᠵᠡᠭᠡᠶ ᠠᠭᠤᠳᠠᠯᠵᠠᠶ᠃ ᠶᠧ ᠵᠢᠶᠠ ᠶᠢᠩ ᠠᠪᠤᠭᠠᠢ ᠰᠢᠯᠦᠭ ᠳᠠᠭᠤᠯᠠᠯ ᠢᠶᠠᠷ ᠬᠥᠭᠦᠷᠭᠡ ᠪᠣᠯᠭᠠᠵᠤ᠂ ᠡᠷᠲᠡ ᠡᠳᠦᠭᠡ ᠶᠢ ᠬᠤᠯᠪᠣᠵᠤ᠂ ᠳᠤᠮᠳᠠᠳᠤ ᠶᠢᠨ ᠰᠣᠶᠣᠯ ᠤᠨ ᠤᠬᠢ ᠰᠣᠳᠣ ᠶᠢ ᠳᠠᠮᠵᠢᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠰᠤᠷᠭᠠᠨ ᠬᠥᠮᠥᠵᠢᠭᠦᠯᠦᠭᠴᠢ ᠶᠢᠨ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠳᠤᠮᠳᠠᠬᠢ ᠬᠢᠵᠠᠭᠠᠯᠠᠰᠢ ᠦᠭᠡᠢ ᠪᠣᠯᠤᠮᠵᠢ ᠶᠢ ᠢᠯᠡᠷᠡᠭᠦᠯᠦᠭᠰᠡᠨ ᠪᠠᠶᠢᠨ᠎ᠠ ᠃ ᠶᠧ ᠵᠢᠶᠠ ᠶᠢᠩ ᠠᠪᠤᠭᠠᠢ ᠶᠢᠨ ᠵᠢᠭᠠᠨ ᠰᠤᠷᠭᠠᠯᠲᠠ ᠶᠢᠨ ᠲᠠᠯ᠎ᠠ ᠪᠠᠷ ᠬᠢ ᠥᠪᠡᠷᠮᠢᠴᠡ ᠠᠷᠭ᠎ᠠ ᠪᠣᠯᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠨᠢ ᠪᠠᠰᠠ ᠰᠤᠷᠭᠠᠨ ᠬᠥᠮᠦᠵᠢᠯ ᠤᠨ ᠠᠵᠢᠯᠲᠠᠳ ᠲᠤ ᠭᠡᠷᠡᠯ ᠰᠠᠴᠤᠷᠠᠩᠭᠤᠢ ᠦᠯᠢᠭᠡᠷ ᠳᠠᠭᠤᠷᠢᠶᠠᠯ ᠢ ᠦᠵᠡᠭᠦᠯᠵᠡᠢ᠃ ᠲᠣᠰ ᠤᠳᠠᠭᠠᠨ ᠤ ᠲᠤᠰᠬᠠᠶ ᠰᠡᠳᠦᠪᠲᠦ ᠲᠠᠶᠢᠯᠤᠮᠵᠢ ᠨᠢ ᠪᠠᠭᠰᠢ ᠨᠠᠷ ᠤᠨ ᠰᠤᠷᠭᠠᠨ ᠬᠥᠮᠦᠵᠢᠯ ᠤᠨ ᠲᠤᠬᠠᠶ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠵᠦ᠂ ᠲᠡᠳᠡᠨ ᠤ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠬᠤ ᠬᠠᠯᠠᠭᠤᠨ ᠰᠡᠳᠬᠢᠯᠭᠡ ᠪᠠ ᠬᠥᠳᠡᠯᠭᠡᠬᠦ ᠬᠦᠴᠦᠨ ᠢ ᠨᠠᠩ ᠬᠥᠭᠵᠢᠭᠡᠵᠡᠢ᠃
   ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠸᠠᠩ ᠶᠢᠩ  ᠥᠨᠥᠳᠦᠷ 40 ᠳ᠋ᠤᠭᠠᠷ ᠪᠠᠭᠰᠢ ᠶᠢᠨ ᠪᠠᠶᠠᠷ ᠤᠨ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠵᠤ᠂ ᠯᠦ ᠶᠢᠦ ᠹᠦ᠋ ᠰᠢᠶᠠᠨ ᠤ ᠳᠠᠷᠤᠭ᠎ᠠ ᠶᠢᠨ ᠠᠬᠠᠮᠠᠳ ᠨᠢᠭᠡ ᠦᠶ᠎ᠡ ᠶᠢᠨ ᠰᠤᠷᠭᠠᠨ ᠬᠥᠮᠦᠵᠢᠯ ᠤᠨ ᠭᠡᠷ ᠲᠤ ᠪᠠᠷᠢᠮᠲᠠᠯᠠᠬᠤ ᠰᠤᠷᠭᠠᠨ ᠬᠥᠮᠦᠵᠢᠯ ᠤᠨ ᠵᠣᠷᠢᠭ ᠰᠠᠨᠠᠭᠠᠨ ᠤ ᠲᠤᠬᠠᠶ ᠶᠠᠷᠢᠬᠤ ᠶᠢ ᠰᠣᠨᠣᠰᠤᠭᠰᠠᠨ ᠤ ᠳᠠᠷᠠᠭ᠎ᠠ᠂ ᠨᠠᠳᠠ ᠳᠤ ᠮᠠᠰᠢ ᠶᠡᠭᠡ ᠵᠣᠷᠢᠭᠵᠢᠭᠤᠯᠤᠯ ᠥᠭᠴᠡᠶ᠂ ᠪᠢ ᠮᠠᠨ ᠤ ᠡᠨᠡ ᠨᠢᠭᠡ ᠦᠶ᠎ᠡ ᠶᠢᠨ ᠪᠠᠭᠰᠢ ᠶᠢᠨ ᠮᠥᠷᠥᠨ ᠳᠡᠭᠡᠷᠡᠬᠢ ᠡᠭᠦᠷᠭᠡ ᠬᠠᠷᠢᠭᠤᠴᠠᠯᠭ᠎ᠠ ᠶᠢ ᠨᠠᠩ ᠲᠣᠳᠣᠷᠬᠠᠶ ᠪᠣᠯᠭᠠᠵᠤ᠂ ᠠᠬᠠᠮᠠᠳ ᠨᠢᠭᠡ ᠦᠶ᠎ᠡ ᠶᠢᠨ ᠰᠤᠷᠭᠠᠨ ᠬᠥᠮᠦᠵᠢᠯ ᠤᠨ ᠰᠤᠷᠭᠠᠯᠲᠠᠨ ᠤ ᠰᠤᠷᠭᠠᠨ ᠬᠥᠮᠦᠵᠢᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠬᠡᠬᠦᠳᠡᠭ ᠴᠡᠭᠡᠵᠢᠨ ᠳᠡᠭᠡᠨ ᠥᠨᠳᠥᠷ ᠲᠤ ᠰᠠᠭᠤᠷᠢᠯᠠᠵᠤ᠂ ᠪᠢᠳᠡᠨ ᠤ ᠡᠳᠦᠷ ᠲᠤᠲᠤᠮ ᠤᠨ ᠠᠵᠢᠯ ᠢ ᠰᠠᠶᠢᠲᠤᠷ ᠬᠢᠵᠦ᠂ ᠨᠠᠷᠢᠨ ᠳᠡᠭᠡᠷ᠎ᠡ ᠠᠴᠠ ᠮᠠᠨ ᠤ ᠰᠤᠷᠭᠠᠨ ᠬᠥᠮᠦᠵᠢᠯ ᠤᠨ ᠠᠵᠢᠯ ᠢ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠶ᠃ ᠬᠠᠮᠤᠭ ᠰᠡᠭᠦᠯ ᠳᠤ ᠪᠤᠢ ᠪᠦᠬᠦᠢ ᠪᠠᠭᠰᠢ ᠨᠠᠷ ᠤᠨ ᠪᠠᠭᠰᠢ ᠶᠢᠨ ᠪᠠᠶᠠᠷ ᠤᠨ ᠡᠳᠦᠷ ᠤᠨ ᠮᠡᠨᠳᠦᠴᠢᠯᠡᠯ ᠢ ᠵᠥᠩᠨᠡᠵᠦ᠂ ᠮᠠᠨ ᠤ ᠰᠤᠷᠭᠠᠨ ᠬᠥᠮᠦᠵᠢᠯ ᠤᠨ ᠦᠢᠯᠡᠰ ᠨᠡᠩ ᠭᠡᠷᠡᠯ ᠰᠠᠴᠤᠷᠠᠩᠭᠤᠢ ᠠᠮᠵᠢᠯᠲᠠ ᠣᠯᠬᠤ ᠶᠢ ᠵᠥᠩᠨᠡᠪᠡ᠃                                        ᠨᠠᠶᠢᠷᠠᠭᠤᠯᠤᠭᠴᠢ᠄   ᠶᠠᠩ  ᠿᠦᠢ ᠵᠧᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2