| ᠬᠦᠨᠳᠦᠲᠦ ᠵᠣᠴᠢᠨ | ᠯᠢᠶᠠᠩᠴᠧᠩ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ / ᠲᠣᠪᠴᠢᠶᠠᠨ ᠳᠠᠷᠤᠭ᠎ᠠ ᠯᠢ ᠭᠦᠸᠧ ᠴᠢᠩ | ᠲᠣᠪᠴᠢᠯᠠᠯ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠠᠯᠬᠤᠴᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠬᠢᠭᠡᠳ | ᠣᠷᠣᠰᠢᠨ ᠰᠠᠭᠤᠬᠤ ᠣᠷᠴᠢᠨ ᠲᠣᠭᠤᠷᠢᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠰᠠᠭᠤᠭᠠᠯᠢ ᠠᠷᠠᠳ ᠤᠨ | ᠠᠮᠢᠳᠤᠷᠠᠯ ᠤᠨ ᠶᠠᠰᠤ ᠴᠢᠨᠠᠷ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃ | ᠬᠥᠲᠥᠯᠥᠭᠴᠢ᠄ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠣᠯ ᠴᠥᠮ | ᠬᠤᠲᠠ ᠶᠢᠨ ᠠᠷᠠᠳ ᠤᠨ ᠠᠩᠬᠠᠷᠴᠤ ᠪᠠᠶᠢᠭ᠎ᠠ ᠬᠠᠯᠠᠭᠤᠨ ᠴᠡᠭ ᠪᠠ ᠲᠥᠪᠯᠡᠷᠡᠯ ᠤᠨ ᠴᠡᠭ ᠪᠣᠯᠤᠨ᠎ᠠ᠃ ᠯᠢ | ᠲᠣᠪᠴᠢᠶᠠᠨ ᠳᠠᠷᠤᠭ᠎ᠠ ᠡ᠂ ᠨᠢᠳᠤᠨᠤᠨ ᠵᠢᠯ ᠠᠴᠠ ᠨᠠᠭᠠᠰᠢᠬᠢ ᠭᠤᠣᠯ ᠬᠤᠲᠠ ᠲᠣᠭᠤᠷᠢᠭ ᠤᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠯᠢ ᠭᠦᠸᠧ ᠴᠢᠩ᠄ 2023 ᠣᠨ ᠠᠴᠠ ᠨᠠᠰᠢ ᠮᠠᠨ ᠤ ᠲᠣᠪᠴᠢᠶ᠎ᠠ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠪᠠᠷ ᠬᠠᠷᠠᠯᠲᠠ ᠪᠣᠯᠭᠠᠵᠤ᠂ ᠬᠤᠲᠠ ᠶᠢᠨ ᠦᠢᠯᠡᠴᠢᠯᠡᠭᠡᠨ ᠤ | ᠴᠢᠳᠠᠮᠵᠢ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ᠨᠢᠭᠡ ᠳᠤ᠂ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ | ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠢᠴᠢ ᠤᠶᠤᠨᠲᠤ ᠤᠰᠤᠨ ᠤ | ᠶᠠᠪᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ︵ᠤᠰᠤ ᠬᠠᠩᠭᠠᠬᠤ ᠬᠤᠭᠤᠯᠠᠶ ᠶᠢᠨ ᠲᠣᠤᠷ ᠢ | ᠥᠷᠭᠡᠳᠬᠡᠨ ᠪᠠᠶᠢᠭᠤᠯᠬᠤ ᠲᠥᠷᠥᠯ ᠵᠦᠶ᠋ᠯ︶᠂ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠬᠤᠲᠠ ᠶᠢᠨ | ᠵᠠᠮ ᠢ ᠰᠢᠨᠡᠳᠬᠡᠨ ᠥᠭᠡᠷᠡᠴᠢᠯᠡᠬᠦ ᠲᠥᠷᠥᠯ ᠵᠦᠶ᠋ᠯ᠂ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ | ᠬᠤᠲᠠ ᠶᠢᠨ ᠲᠣᠭᠤᠷᠢᠭ ᠲᠤ ᠪᠣᠬᠢᠷ ᠤᠰᠤᠨ ᠤ ᠬᠤᠭᠤᠯᠠᠶ ᠶᠢᠨ ᠲᠣᠤᠷ ᠢ 0.6 ᠺᠢᠯᠣᠮᠧᠳ᠋ᠷ ᠰᠢᠨ᠎ᠡ ᠪᠠᠷ ᠪᠠᠶᠢᠭᠤᠯᠵᠤ | ᠂ ᠨᠡᠶᠢᠲᠡ 1320 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠤᠰᠤ ᠬᠠᠩᠭᠠᠬᠤ ᠬᠤᠭᠤᠯᠠᠶ ᠶᠢᠨ ᠲᠣᠤᠷ ᠢ 4. | 13 ᠺᠢᠯᠤᠮᠧᠲᠷ ᠥᠭᠡᠷᠡᠴᠢᠯᠡᠨ ᠵᠠᠰᠠᠵᠤ᠂ 0.8 ᠺᠢᠯᠣᠮᠧᠳ᠋ᠷ ᠵᠠᠰᠠᠮᠠᠯ ᠵᠠᠮ ᠢ ᠥᠭᠡᠷᠡᠴᠢᠯᠡᠨ ᠵᠠᠰᠠᠵᠤ᠂ 0.6 | ᠺᠢᠯᠤᠮᠧᠲᠷ ᠪᠣᠬᠢᠷ ᠤᠰᠤᠨ ᠤ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠪᠠ᠃ ᠬᠤᠶᠠᠷ ᠲᠤ᠂ ᠡᠪᠦᠯ ᠤᠨ | ᠤᠯᠠᠷᠢᠯ ᠤᠨ ᠴᠡᠪᠡᠷ ᠡᠨᠧᠷᠭᠢ ᠶᠢᠨ ᠳᠤᠯᠠᠭᠠᠯᠠᠭ᠎ᠠ ᠶᠢᠨ ᠲᠥᠷᠥᠯ ᠵᠦᠶ᠋ᠯ ᠢ ᠬᠡᠷᠡᠭᠵᠢᠭᠦᠯᠵᠦ᠂ 15831 ᠡᠷᠦᠬᠡ ᠶᠢᠨ | ᠰᠢᠲᠠᠭᠠᠯᠭ᠎ᠠ ᠶᠢ ᠵᠠᠰᠠᠵᠤ᠂ ᠬᠤᠲᠠ ᠪᠠᠯᠭᠠᠰᠤᠨ ᠤ 44.8 ᠲᠦᠮᠡᠨ ᠲᠡᠭᠰᠢ ᠳᠥᠷᠪᠡᠯᠵᠢᠨ ᠮᠧᠲᠷ ᠤᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠬᠥᠳᠡᠭᠡ ᠲᠣᠰᠬᠤᠨ ᠤ 2039 ᠡᠷᠦᠬᠡ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠪᠡᠶᠡᠯᠡᠭᠦᠯᠵᠦ᠂ ᠯᠦᠩ ᠬᠤᠸᠠ ᠢᠯᠴᠢ ᠶᠢᠨ ᠬᠦᠴᠦᠨ ᠠᠴᠠ ᠰᠢᠤᠸᠠᠢ ᠶᠤᠸᠠᠨ ᠰᠠᠭᠤᠭᠠᠯᠢ | ᠲᠣᠭᠤᠷᠢᠭ ᠲᠤ ᠬᠦᠷᠬᠦ 2.924 ᠺᠢᠯᠤᠮᠧᠲᠷ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠰᠢᠨ᠎ᠡ ᠪᠠᠷ | ᠪᠠᠶᠢᠭᠤᠯᠪᠠ᠃ ᠭᠤᠷᠪᠠ ᠳᠤ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠲᠥᠯᠥᠪᠵᠢᠭᠦᠯᠭᠡ ᠶᠢᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠪᠠ᠃ ᠲᠦᠷᠪᠡ ᠳᠤ ᠰᠦᠢ ᠮᠧᠩ ᠤᠨ ᠳᠤᠷᠠᠰᠬᠠᠯ ᠤᠨ ᠬᠦᠷᠢᠶᠡᠯᠡᠩ᠂ ᠾᠧ | ᠯᠦᠩ ᠤᠨ ᠳᠤᠷᠠᠰᠬᠠᠯ ᠤᠨ ᠣᠷᠳᠣᠨ ᠵᠡᠷᠭᠡ 6 ᠲᠡᠦᠬᠡᠨ ᠪᠠᠷᠢᠯᠭ᠎ᠠ ᠶᠢ ᠭᠤᠶᠤᠴᠢᠯᠠᠨ ᠮᠡᠳᠡᠭᠦᠯᠵᠡᠢ᠃ | ᠬᠥᠲᠥᠯᠥᠭᠴᠢ᠄ ᠣᠶᠢᠷ᠎ᠠ ᠶᠢᠨ ᠵᠢᠯ ᠤᠨ ᠲᠤᠷᠰᠢ᠂ ᠪᠥᠬᠦ ᠤᠯᠤᠰ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠳᠡᠯ ᠪᠠᠶᠢᠨ | ᠳᠠᠬᠢᠨ ᠭᠠᠷᠴᠤ ᠪᠠᠶᠢᠨ᠎ᠠ᠂ ᠯᠢ ᠲᠣᠪᠴᠢᠶᠠᠨ ᠳᠠᠷᠤᠭ᠎ᠠ ᠲᠠ ᠲᠠᠨᠢᠯᠴᠠᠭᠤᠯᠬᠤ ᠳᠠᠭᠠᠨ ᠪᠢᠳᠡ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠶᠠᠮᠠᠷ ᠦᠷ᠎ᠡ | ᠪᠦᠲᠦᠮᠵᠢ ᠣᠯᠤᠭᠰᠠᠨ ᠪᠣᠶ︖ | ᠯᠢ ᠭᠦᠸᠧ ᠴᠢᠩ ᠵᠠ᠃ ᠮᠠᠨ ᠤ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠤᠯᠠᠭᠠᠨ | ᠱᠤᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠷᠠᠭᠤᠯᠵᠤ᠂ ᠣᠷᠣᠨ ᠰᠠᠭᠤᠴᠠ ᠶᠢᠨ | ᠪᠥᠲᠥᠭᠡᠨ ᠪᠠᠶᠢᠭᠤᠯᠤᠯᠲᠠ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠠᠷᠢᠯᠭ᠎ᠠ ᠶᠢᠨ ᠠᠵᠢᠯ᠂ ᠰᠢᠲᠠᠮᠠᠬᠠᠢ ᠬᠡᠢ ᠶᠢᠨ ᠠᠮᠤᠷ ᠲᠦᠪᠰᠢᠨ᠂ | ᠭᠠᠯ ᠤᠨᠲᠠᠷᠠᠭᠠᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ᠂ ᠥᠪᠡᠷ ᠢᠶᠠᠨ ᠪᠠᠷᠢᠭᠰᠠᠨ ᠭᠡᠷ ᠪᠠᠶᠢᠰᠢᠩ᠂ | ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠭᠤᠭᠴᠤᠭ᠎ᠠ᠂ ᠴᠢᠬᠤᠯᠠ ᠴᠠᠭ ᠬᠤᠭᠤᠴᠠᠭ᠎ᠠ ᠶᠢᠨ | ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠬᠤ ᠬᠡᠷᠡᠭᠲᠡᠢ᠃ ᠨᠢᠭᠡ ᠳᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ | ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤᠮᠳᠠᠭᠠᠨ ᠤ ᠲᠠᠯᠠᠪᠤᠷ | ᠭᠠᠵᠠᠷ ᠢ 230 ᠭᠠᠷᠤᠶ ᠪᠠᠶᠢᠴᠠᠭᠠᠵᠤ᠂ 260 ᠭᠠᠷᠤᠶ ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠡᠶ᠃ | ᠢᠳᠡᠭᠡᠨ ᠤᠮᠳᠠᠭᠠᠨ ᠤ ᠲᠠᠯᠠᠪᠤᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠬᠤᠶᠠᠷ ᠤᠳᠠᠭ᠎ᠠ | ᠪᠣᠯᠪᠠᠰᠤᠷᠠᠭᠤᠯᠵᠤ᠂ ᠬᠠᠮ ᠵᠠᠭᠤᠴᠢᠯᠠᠭᠤᠷ ᠢ ᠠᠰᠢᠭᠯᠠᠨ ᠥᠷᠭᠡᠨ ᠣᠯᠠᠨ ᠰᠠᠭᠤᠭᠠᠯᠢ ᠠᠷᠠᠳ ᠲᠤ ᠰᠢᠲᠠᠮᠠᠬᠠᠶ ᠬᠡᠶ ᠶᠢ | ᠠᠮᠤᠷ ᠲᠦᠪᠰᠢᠨ ᠢᠶᠠᠷ ᠬᠡᠷᠡᠭᠯᠡᠬᠦ ᠶᠡᠷᠦ ᠶᠢᠨ ᠮᠡᠳᠡᠯᠭᠡ ᠶᠢ ᠤᠬᠠᠭᠤᠯᠬᠤ ᠶᠢᠨ ᠬᠠᠮᠲᠤ᠂ ᠡᠯ᠎ᠡ ᠰᠠᠭᠤᠭᠠᠯᠢ | ᠲᠣᠭᠤᠷᠢᠭ ᠲᠤ ᠠᠮᠤᠷ ᠲᠦᠪᠰᠢᠨ ᠢᠶᠠᠷ ᠬᠡᠶ ᠬᠡᠷᠡᠭᠯᠡᠬᠦ ᠮᠡᠳᠡᠯᠭᠡ ᠶᠢ ᠤᠬᠠᠭᠤᠯᠬᠤ ᠪᠠᠷ ᠠᠵᠠ ᠲᠣᠬᠢᠶᠠᠯ ᠪᠣᠯᠭᠠᠵᠤ᠂ | ᠥᠷᠭᠡᠨ ᠣᠯᠠᠨ ᠬᠤᠲᠠ ᠶᠢᠨ ᠠᠷᠠᠳ ᠲᠤ ︽ᠬᠠᠷ᠎ᠠ ᠬᠡᠢ︾᠂ ︽ᠳᠠᠯᠳᠠᠭᠤᠷ ᠠᠷᠠᠯᠵᠢᠶᠠᠯᠠᠬᠤ ᠬᠡᠢ︾ ᠭᠡᠬᠦ | ᠶᠡᠷᠦ ᠶᠢᠨ ᠮᠡᠳᠡᠯᠭᠡ ᠶᠢ ᠤᠬᠠᠭᠤᠯᠪᠠ᠃ ᠬᠤᠶᠠᠷ ᠲᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠲᠤᠰᠬᠠᠢ | ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠪᠤᠰᠤᠳ ᠥᠪᠡᠰᠦᠪᠡᠨ ᠪᠠᠷᠢᠭᠰᠠᠨ ᠭᠡᠷ ᠪᠠᠶᠢᠰᠢᠩ 108036 | ᠰᠠᠭᠤᠷᠢ ᠶᠢ ᠣᠶᠢᠯᠭᠠᠨ ᠵᠢᠭᠰᠠᠭᠠᠵᠤ᠂ ᠡᠭᠦᠨ ᠳᠤ ᠠᠮᠤᠷ ᠲᠦᠪᠰᠢᠨ ᠤ ᠳᠠᠯᠳᠠ ᠬᠡᠮ 580 ᠪᠠᠶᠢᠬᠤ ᠪᠠᠷ ᠠᠩᠬ᠎ᠠ | ᠮᠠᠭᠠᠳᠯᠠᠯᠲᠠ ᠪᠠᠷ ᠳᠡᠮᠵᠢᠨ᠂ ᠠᠮᠤᠷ ᠲᠦᠪᠰᠢᠨ ᠤ ᠬᠢᠨᠠᠨ ᠲᠣᠭᠲᠠᠭᠠᠯᠲᠠ ᠪᠠᠷ ᠳᠡᠮᠵᠢᠨ 213 ᠰᠠᠭᠤᠷᠢ ᠨᠣᠮᠧᠷ ᠢ | ᠠᠷᠢᠯᠭᠠᠵᠤ᠂ ᠮᠡᠷᠭᠡᠵᠢᠯ ᠤᠨ ᠠᠵᠢᠯᠲᠠᠨ ᠤ ᠳᠠᠬᠢᠨ ᠬᠢᠨᠠᠵᠤ ᠮᠠᠭᠠᠳᠯᠠᠨ ᠲᠣᠭᠲᠠᠭᠠᠬᠤ ᠪᠠᠷ ᠳᠡᠮᠵᠢᠨ᠂ ᠴᠡᠭᠴᠡᠯᠡᠨ | ᠵᠠᠰᠠᠬᠤ ᠠᠷᠭ᠎ᠠ ᠬᠡᠮᠵᠢᠶ᠎ᠡ ᠠᠪᠴᠤ ᠳ᠋ᠤᠭᠠᠷ ᠥᠬᠡᠶ 172 ᠰᠠᠭᠤᠷᠢ᠂ 15 ᠰᠠᠭᠤᠷᠢ ᠨᠢ ᠶᠠᠭ ᠴᠡᠭᠴᠡᠯᠡᠨ ᠵᠠᠰᠠᠵᠤ | ᠳ᠋ᠤᠭᠠᠷ ᠬᠠᠰᠤᠬᠤ ᠶᠢ ᠱᠠᠯᠠᠪᠳᠠᠨ ᠠᠬᠢᠭᠤᠯᠵᠤ ᠪᠠᠶᠢᠨ᠎ᠠ᠃ ᠭᠤᠷᠪᠠ ᠳᠤ᠂ ᠪᠠᠷᠢᠯᠭ᠎ᠠ ᠶᠢᠨ ᠠᠵᠢᠯ ᠤᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠪᠠ᠃ ᠠᠵᠢᠯ ᠰᠡᠷᠭᠦᠭᠡᠬᠦ ᠪᠣᠭᠤᠮᠲᠠ ᠶᠢ ᠴᠢᠩᠭ᠎ᠠ ᠠᠳᠬᠤᠵᠤ᠂ 2 | ᠤᠳᠠᠭ᠎ᠠ ᠵᠣᠬᠢᠶᠠᠨ ᠪᠠᠶᠢᠭᠤᠯᠤᠨ ᠪᠠᠶᠢᠴᠠᠭᠠᠵᠤ᠂ 5 ᠪᠠᠷᠢᠯᠭ᠎ᠠ ᠶᠢᠨ ᠭᠠᠵᠠᠷ ᠢ ᠪᠠᠶᠢᠴᠠᠭᠠᠵᠤ᠂ ᠬᠤᠭᠤᠴᠠᠭ᠎ᠠ | ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ 5 ᠬᠤᠪᠢ ᠪᠠᠭᠤᠯᠭᠠᠪᠠ᠃ ᠳᠥᠷᠪᠡ ᠳᠤ ᠭᠠᠯ | ᠤᠨᠲᠠᠷᠠᠭᠠᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ | ᠠᠬᠢᠭᠤᠯᠤᠨ᠎ᠠ᠃ 2022 ᠣᠨ ᠳᠤ 16 ᠲᠦᠷᠦᠯ ᠵᠦᠢᠯ ᠢ ᠪᠡᠶᠡᠯᠡᠭᠦᠯᠵᠦ᠂ 2023 ᠣᠨ ᠳᠤ 26 ᠲᠦᠷᠦᠯ | ᠵᠦᠢᠯ ᠢ ᠪᠡᠶᠡᠯᠡᠭᠦᠯᠵᠦ᠂ ᠦᠯᠡᠳᠡᠭᠰᠡᠨ ᠲᠦᠷᠦᠯ ᠵᠦᠢᠯ ᠢ ᠶᠠᠭ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ | ᠬᠥᠲᠥᠯᠥᠭᠴᠢ᠄ ᠠᠳᠠᠯ ᠠᠬᠤᠶ ᠶᠢᠨ ᠬᠠᠮᠢᠶᠠᠷᠤᠯᠲᠠ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠃ ᠯᠢ | ᠲᠣᠪᠴᠢᠶᠠᠨ ᠳᠠᠷᠤᠭ᠎ᠠ ᠲᠠ ᠠᠳᠠᠯ ᠠᠬᠤᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠲᠠᠯ᠎ᠠ ᠪᠠᠷ ᠠᠪᠤᠭᠰᠠᠨ ᠠᠷᠭ᠎ᠠ | ᠬᠡᠮᠵᠢᠶ᠎ᠡ ᠪᠠᠨ ᠲᠠᠨᠢᠯᠴᠠᠭᠤᠯᠤᠭᠠᠳ ᠥᠭᠭᠦᠨ᠎ᠡ ᠦᠦ︖ | ᠯᠢ ᠭᠦᠸᠧ ᠴᠢᠩ ᠵᠠ᠃ ᠤᠷᠲᠤ ᠬᠤᠭᠤᠴᠠᠭᠠᠨ ᠤ ᠲᠤᠷᠰᠢ᠂ ᠠᠳᠠᠯ ᠠᠬᠤᠶ ᠶᠢᠨ ᠠᠵᠤ ᠠᠬᠤᠶᠢᠯᠠᠯ ᠳᠤ | ᠦᠢᠯᠡᠴᠢᠯᠡᠭᠡ ᠨᠢ ᠪᠣᠳᠠᠲᠠᠶᠢᠵᠢᠭᠠᠳᠤᠶ᠂ ᠠᠰᠢᠭ ᠣᠷᠣᠯᠭ᠎ᠠ ᠨᠢ ᠢᠯᠡ ᠪᠤᠰᠤ ᠪᠠ ᠰᠦᠢᠳᠬᠡᠯ ᠬᠤᠷᠢᠶᠠᠬᠤ ᠨᠢ | ᠲᠣᠳᠣᠷᠬᠠᠶ ᠦᠭᠡᠶ ᠪᠠᠶᠢᠬᠤ ᠵᠡᠷᠭᠡ ᠠᠰᠠᠭᠤᠳᠠᠯ ᠣᠷᠣᠰᠢᠵᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ | ᠦᠢᠯᠡᠴᠢᠯᠡᠭᠡ ᠨᠢ ᠴᠦ ᠳᠠᠭᠠᠯᠳᠤᠨ ᠦᠷᠭᠦᠯᠵᠢᠯᠡᠨ ᠪᠠᠭᠤᠷᠠᠪᠠ᠃ ᠠᠳᠠᠯ ᠠᠬᠤᠢ ᠶᠢᠨ ᠠᠵᠢᠯ ᠢ ᠰᠠᠶᠢᠲᠤᠷ ᠬᠢᠬᠦ ᠶᠢᠨ | ᠭᠤᠣᠯᠳᠠᠯᠭ᠎ᠠ ᠨᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ᠂ ᠠᠳᠠᠯ ᠠᠬᠤᠢ ᠶᠢᠨ ᠠᠵᠤ | ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠥᠮᠴᠢᠲᠡᠨ ᠤ ᠵᠥᠪᠯᠡᠯ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠡᠯ᠎ᠡ ᠲᠠᠯ᠎ᠠ ᠶᠢᠨ ᠲᠥᠯᠥᠭᠡᠯᠡᠭᠴᠢ ᠶᠢ | ᠵᠣᠬᠢᠶᠠᠨ ᠪᠠᠶᠢᠭᠤᠯᠤᠨ ᠰᠠᠭᠤᠵᠤ ᠪᠠᠶᠢᠭᠠᠳ ᠰᠢᠢᠳᠪᠦᠷᠢᠯᠡᠬᠦ ᠠᠷᠭ᠎ᠠ ᠪᠤᠳᠤᠯᠭ᠎ᠠ ᠶᠢ ᠬᠠᠮᠲᠤᠪᠠᠷ ᠵᠥᠪᠳᠡᠯᠴᠡᠵᠦ᠂ | ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠬᠦᠳᠦᠯᠦᠨ ᠳᠠᠭᠠᠭᠤᠯᠵᠤ᠂ ᠡᠯ᠎ᠡ ᠲᠠᠯ᠎ᠠ ᠶᠢᠨ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠳᠤ ᠬᠠᠷᠢᠭᠤᠯᠲᠠ | ᠥᠭᠴᠦ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠱᠠᠭᠠᠷᠳᠠᠯᠭ᠎ᠠ ᠶᠢ ᠬᠠᠩᠭᠠᠬᠤ | ᠶᠠᠪᠤᠳᠠᠯ ᠪᠣᠯᠤᠨ᠎ᠠ᠃ | ︵ᠨᠢᠭᠡ︶ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ︽ᠣᠷᠣᠨ | ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ | ︵ᠥᠪᠥᠷ ᠪᠥᠲᠥᠭᠡᠨ ᠪᠠᠶᠢᠭᠤᠯᠤᠯᠲᠠ ︹2021︺ 173 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠪᠢᠴᠢᠭ | ᠮᠠᠲ᠋ᠧᠷᠢᠶᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠪᠠ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠳᠠᠯ ᠠᠬᠤᠶ ᠶᠢ ᠵᠠᠯᠭᠠᠨ ᠠᠪᠴᠤ | ᠪᠠᠶᠢᠴᠠᠭᠠᠨ ᠰᠢᠯᠭᠠᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ | ᠰᠣᠩᠭᠤᠨ ᠤᠷᠢᠬᠤ ᠬᠠᠮᠢᠶᠠᠷᠤᠯᠲᠠ ᠶᠢ ᠴᠢᠩᠭᠠᠳᠬᠠᠵᠤ᠂ 2 ᠲᠦᠮᠡᠨ ᠲᠡᠭᠰᠢ ᠳᠥᠷᠪᠡᠯᠵᠢᠨ ᠮᠧᠲᠷ ᠠᠴᠠ | ᠳᠡᠭᠡᠭᠰᠢᠬᠢ ᠵᠢᠵᠢᠭ ᠲᠣᠭᠤᠷᠢᠭ ᠢ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠪᠠᠷ ᠳᠠᠮᠵᠢᠭᠤᠯᠤᠨ ᠴᠢᠩᠭ᠎ᠠ | ᠰᠣᠩᠭᠤᠨ ᠤᠷᠢᠬᠤ ᠬᠡᠷᠡᠭᠲᠡᠶ᠃ ᠥᠮᠴᠢᠲᠡᠨ ᠤ ᠵᠥᠪᠯᠡᠯ ᠢ ᠬᠥᠲᠥᠯᠥᠨ ᠵᠢᠯᠣᠭᠤᠳᠴᠤ ᠪᠠᠶᠢᠭᠠᠳ ᠢᠯᠡ ᠪᠠᠷ | ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ | ᠠᠬᠤᠶᠢᠯᠠᠯ ᠢ ᠰᠣᠩᠭᠤᠨ ᠤᠷᠢᠬᠤ ᠬᠡᠷᠡᠭᠲᠡᠶ᠃ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠶᠠᠯᠳᠤᠯ ᠢᠶᠠᠷ ᠪᠠᠶᠢᠴᠠᠭᠠᠬᠤ ᠶᠢ ᠥᠷᠨᠢᠭᠦᠯᠦᠨ᠂ ᠪᠠᠶᠢᠴᠠᠭᠠᠯᠲᠠ ᠶᠢᠨ ᠳᠤᠮᠳᠠ | ᠣᠯᠵᠤ ᠮᠡᠳᠡᠭᠰᠡᠨ ᠬᠠᠤᠯᠢ ᠲᠣᠭᠲᠠᠭᠠᠯ ᠢ ᠵᠥᠷᠢᠴᠡᠭᠰᠡᠨ᠂ ᠠᠳᠠᠯ ᠠᠬᠤᠶ ᠶᠢᠨ ᠭᠡᠷ᠎ᠡ ᠪᠠ ᠬᠥᠳᠡᠯᠮᠦᠷᠢ ᠶᠢᠨ ᠭᠡᠷ᠎ᠡ ᠶᠢ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠰᠢᠢᠳᠪᠦᠷᠢᠯᠡᠬᠦ ᠶᠢᠨ ᠬᠠᠮᠲᠤ | ᠵᠠᠷᠯᠠᠨ ᠮᠡᠳᠡᠭᠳᠡᠬᠦ ᠶᠢᠨ ᠬᠠᠮᠲᠤ ᠢᠲᠡᠭᠡᠮᠵᠢ ᠶᠢᠨ ᠲᠠᠩᠰᠠ ᠡᠪᠬᠡᠮᠡᠯ ᠳᠤ ᠣᠷᠣᠭᠤᠯᠤᠨ᠎ᠠ᠃ ᠦᠢᠯᠡᠴᠢᠯᠡᠭᠡᠨ ᠤ ᠶᠠᠰᠤ | ᠴᠢᠨᠠᠷ ᠢᠶᠠᠷ ᠠᠨᠠᠶ᠂ ᠥᠮᠴᠢᠲᠡᠨ ᠢ ᠵᠠᠭᠠᠯᠳᠤᠬᠤ ᠪᠠᠷ ᠠᠷᠪᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ | ᠠᠬᠤᠶᠢᠯᠠᠯ ᠳᠤ ᠠᠵᠢᠯ ᠦᠢᠯᠡᠰ ᠤᠨ ᠵᠥᠪᠯᠡᠯ ᠤᠨ ᠬᠠᠤᠯᠢ ᠶᠣᠰᠣᠭᠠᠷ ᠳᠡᠭᠢᠵᠦ ᠰᠣᠩᠭᠤᠨ ᠤᠷᠢᠬᠤ ᠶᠢ ᠬᠥᠲᠥᠯᠥᠨ | ᠵᠢᠯᠣᠭᠤᠳᠬᠤ ᠬᠡᠷᠡᠭᠲᠡᠶ᠃ ᠠᠵᠢᠯ ᠡᠷᠭᠢᠯᠡᠭᠰᠡᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠡᠷᠭᠢᠯᠡᠭᠰᠡᠳ ᠤᠨ ᠰᠦᠯᠵᠢᠶᠡᠨ ᠳᠡᠭᠡᠷ᠎ᠡ ᠥᠪᠡᠰᠦᠪᠡᠨ ᠰᠤᠷᠤᠯᠴᠠᠬᠤ᠂ | ᠠᠳᠠᠯ ᠠᠬᠤᠢ ᠶᠢᠨ ᠠᠵᠢᠯ ᠲᠥᠷᠥᠯ ᠤᠨ ᠨᠡᠶᠢᠭᠡᠮᠯᠢᠭ ᠤᠨ ᠪᠣᠯᠪᠠᠰᠤᠷᠠᠭᠤᠯᠤᠯ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠠᠳᠠᠯ ᠠᠬᠤᠢ ᠶᠢᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ | ︵ᠬᠤᠶᠠᠷ︶ ᠥᠮᠴᠢᠲᠡᠨ ᠤ ᠥᠪᠡᠷᠲᠡᠭᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠢᠶᠠᠩ ᠪᠠᠯᠭᠠᠰᠤ᠂ ᠨᠡᠶᠢᠭᠡᠮ ᠲᠣᠭᠤᠷᠢᠭ ᠨᠢ ᠥᠮᠴᠢᠲᠡᠨ ᠤ ᠶᠡᠭᠡ ᠬᠤᠷᠠᠯ ᠤᠨ ᠪᠡᠯᠡᠳᠬᠡᠯ ᠳᠤᠭᠤᠶᠢᠯᠠᠩ᠂ | ᠥᠮᠴᠢᠲᠡᠨ ᠤ ᠵᠥᠪᠯᠡᠯ ᠤᠨ ᠬᠤᠭᠤᠴᠠᠭ᠎ᠠ ᠰᠣᠯᠢᠬᠤ ᠪᠠ ᠥᠭᠡᠷᠡᠴᠢᠯᠡᠨ ᠰᠣᠩᠭᠤᠬᠤ ᠶᠢ ᠬᠠᠷᠢᠭᠤᠴᠠᠨ ᠵᠢᠯᠣᠭᠤᠳᠴᠤ | ᠂ ᠪᠠᠶᠢᠭᠤᠯᠬᠤ ᠬᠦᠰᠡᠯ ᠲᠠᠢ ᠵᠢᠵᠢᠭ ᠲᠣᠭᠤᠷᠢᠭ ᠢ ᠪᠠᠶᠢᠭᠤᠯᠵᠤ᠂ ᠪᠠᠶᠢᠭᠤᠯᠬᠤ ᠶᠠᠪᠤᠴᠠ ᠳᠠᠬᠢ ᠡᠯ᠎ᠡ ᠵᠦᠢᠯ ᠤᠨ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠦᠷᠢᠯᠡᠵᠦ᠂ ᠲᠤᠰᠢᠶᠠᠯ ᠬᠠᠷᠢᠭᠤᠴᠠᠯᠭ᠎ᠠ ᠪᠠᠨ | ᠪᠣᠳᠠᠲᠠᠶᠢᠵᠢᠭᠤᠯᠤᠭᠰᠠᠨ ᠥᠬᠡᠶ ᠥᠮᠴᠢᠲᠡᠨ ᠤ ᠵᠥᠪᠯᠡᠯ ᠢ ᠰᠢᠶᠠᠩ ᠪᠠᠯᠭᠠᠰᠤ᠂ ᠨᠡᠶᠢᠭᠡᠮ ᠲᠣᠭᠤᠷᠢᠭ ᠠᠴᠠ | ᠥᠮᠴᠢᠲᠡᠨ ᠤ ᠶᠡᠭᠡ ᠬᠤᠷᠠᠯ ᠢ ᠵᠢᠯᠣᠭᠤᠳᠴᠤ ᠪᠠᠶᠢᠭᠠᠳ ᠲᠦᠷ ᠴᠠᠭ ᠤᠨ ᠬᠤᠷᠠᠯ ᠬᠤᠷᠠᠯᠳᠤᠭᠤᠯᠵᠤ᠂ | ᠥᠮᠴᠢᠲᠡᠨ ᠤ ᠵᠥᠪᠯᠡᠯ ᠢ ᠰᠢᠨ᠎ᠡ ᠪᠠᠷ ᠰᠣᠩᠭᠤᠵᠤ᠂ 2024 ᠣᠨ ᠤ ᠡᠴᠦᠰ ᠲᠤ ᠠᠵᠢᠯ ᠤᠨ ᠵᠥᠪᠯᠡᠯ ᠤᠨ | ᠵᠣᠬᠢᠶᠠᠨ ᠪᠠᠶᠢᠭᠤᠯᠬᠤ ᠨᠣᠷᠮ᠎ᠠ ᠶᠢ 75% ᠳᠤ ᠬᠦᠷᠦᠭᠦᠯᠵᠦ᠂ 2025 ᠣᠨ ᠤ ᠡᠴᠦᠰ ᠲᠤ 95% ᠳᠤ | ᠬᠦᠷᠦᠭᠦᠯᠬᠦ ᠪᠠᠷ ᠴᠢᠷᠮᠠᠶᠢᠨ᠎ᠠ᠃ | ︵ᠭᠤᠷᠪᠠ︶ ᠠᠳᠠᠯ ᠠᠬᠤᠢ ᠶᠢᠨ ᠤᠬᠠᠭᠤᠯᠭ᠎ᠠ ᠶᠢ ᠴᠢᠩᠭᠠᠳᠬᠠᠵᠤ᠂ ᠠᠳᠠᠯ ᠠᠬᠤᠢ ᠶᠢᠨ ᠰᠦᠢᠳᠬᠡᠯ | ᠬᠤᠷᠢᠶᠠᠵᠤ ᠲᠤᠰᠢᠶᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ | ︽ᠤᠯᠠᠭᠠᠨᠴᠠᠪ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠢ ᠤᠬᠠᠭᠤᠯᠤᠨ | ᠲᠤᠤᠱᠯᠠᠭᠤᠯᠬᠤ ᠪᠠᠷ ᠭᠤᠤᠯ ᠰᠢᠵᠢᠮ ᠪᠣᠯᠭᠠᠵᠤ᠂ ᠵᠢᠷᠤᠭ ᠪᠢᠴᠢᠭ ᠢ ᠬᠤᠣᠰᠯᠠᠭᠤᠯᠤᠭᠰᠠᠨ ᠠᠷᠭ᠎ᠠ ᠮᠠᠶ᠋ᠢᠭ ᠢᠶᠠᠷ | ᠳᠠᠮᠵᠢᠭᠤᠯᠤᠨ ᠣᠯᠠᠨ ᠲᠦᠮᠡᠨ ᠳᠤ ᠬᠠᠨᠳᠤᠭᠤᠯᠤᠨ ᠠᠳᠠᠯ ᠠᠬᠤᠶ ᠶᠢᠨ ᠬᠠᠮᠢᠶᠠᠷᠤᠯᠲᠠ ᠶᠢᠨ ᠲᠠᠯ᠎ᠠ ᠶᠢᠨ ᠲᠥᠷᠥ ᠶᠢᠨ | ᠪᠣᠳᠣᠯᠭ᠎ᠠ ᠪᠠ ᠮᠡᠳᠡᠯᠭᠡ ᠶᠢ ᠤᠬᠠᠭᠤᠯᠵᠤ᠂ ᠠᠳᠠᠯ ᠠᠬᠤᠶ ᠶᠢᠨ ᠰᠦᠢᠳᠭᠡᠯ ᠬᠤᠷᠢᠶᠠᠬᠤ ᠪᠠᠷᠢᠮᠵᠢᠶ᠎ᠠ᠂ | ᠦᠢᠯᠡᠴᠢᠯᠡᠭᠡᠨ ᠤ ᠠᠭᠤᠯᠭ᠎ᠠ ᠶᠢ ᠴᠠᠭ ᠲᠤᠬᠠᠶ ᠳᠤᠨᠢ ᠥᠮᠴᠢᠲᠡᠨ ᠳᠤ ᠢᠯᠡ ᠨᠡᠶᠢᠲᠡᠯᠡᠵᠦ᠂ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠬᠢᠭᠡᠳ ᠥᠮᠴᠢᠲᠡᠨ ᠤ ᠮᠡᠳᠡᠭᠡ ᠵᠠᠩᠭᠢ ᠶᠢᠨ ᠠᠳᠠᠯᠢ ᠪᠤᠰᠤ ᠠᠴᠠ ᠪᠣᠯᠵᠣ | ᠡᠭᠦᠰᠦᠭᠰᠡᠨ ᠵᠥᠷᠢᠴᠡᠯ ᠢ ᠪᠠᠭᠠᠰᠬᠠᠨ᠂ ᠥᠮᠴᠢᠲᠡᠨ ᠤ ᠰᠦᠢᠳᠭᠡᠯ ᠲᠤᠰᠢᠶᠠᠬᠤ ᠢᠳᠡᠪᠬᠢᠵᠢᠯ ᠢ ᠳᠡᠭᠡᠭᠰᠢᠯᠡᠭᠦᠯᠬᠦ | ᠬᠡᠷᠡᠭᠲᠡᠶ᠃ ᠰᠦᠢᠳᠬᠡᠯ ᠲᠤᠰᠢᠶᠠᠬᠤ ᠶᠢ ᠲᠡᠪᠴᠢᠭᠰᠡᠨ ᠥᠮᠴᠢᠲᠡᠨ ᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠬᠠᠤᠯᠢ ᠶᠣᠰᠣᠭᠠᠷ ᠰᠢᠭᠦᠬᠦ ᠬᠤᠷᠢᠶ᠎ᠠ ᠠᠴᠠ ᠠᠳᠠᠯ ᠠᠬᠤᠶ ᠶᠢᠨ ᠵᠠᠷᠤᠳᠠᠯ ᠢ ᠨᠡᠬᠡᠮᠵᠢᠯᠡᠨ ᠲᠤᠰᠢᠶᠠᠯᠭᠠᠨ᠎ᠠ᠃ | ᠬᠥᠲᠥᠯᠦᠭᠴᠢ ᠵᠠ᠂ ᠲᠠᠨ ᠤ ᠡᠨᠡ ᠤᠳᠠᠭᠠᠨ ᠤ ᠰᠤᠷᠪᠤᠯᠵᠢᠯᠠᠭ᠎ᠠ ᠶᠢ ᠬᠦᠯᠢᠶᠡᠵᠦ ᠠᠪᠤᠭᠰᠠᠨ ᠳᠤ ᠲᠣᠩ | ᠲᠠᠯᠠᠷᠬᠠᠵᠤ ᠪᠠᠢᠨ᠎ᠠ᠃ | ᠯᠢ ᠭᠦᠸᠧ ᠴᠢᠩ ᠪᠠᠶᠠᠷᠯᠠᠯ᠎ᠠ᠃ ᠬᠥᠲᠥᠯᠥᠭᠴᠢ ᠪᠣᠯᠤᠨ ᠥᠷᠭᠡᠨ ᠣᠯᠠᠨ ᠰᠦᠯᠵᠢᠶᠡᠨ ᠠᠨᠳᠠ ᠨᠠᠷ ᠪᠦᠬᠦ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠯᠠᠮᠵᠢᠯᠠᠨ | ᠳᠡᠮᠵᠢᠭᠰᠡᠨ ᠳᠤ ᠲᠠᠯᠠᠷᠬᠠᠵᠤ ᠪᠠᠶᠢᠨ᠎ᠠ︕ |