ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠲᠤ᠄ | 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠵᠢᠯ ᠮᠥᠨ᠂ ᠪᠠᠰᠠ ᠴᠤ ︽ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠶᠢ | ᠭᠦᠨᠵᠡᠭᠡᠶ ᠳᠥᠯᠭᠢᠨ ᠠᠬᠢᠭᠤᠯᠬᠤ ᠲᠤᠰᠬᠠᠶ ᠠᠵᠢᠯᠯᠠᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠮᠠᠨ ᠤ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠲᠠ ᠶᠢᠨ 2023 ᠣᠨ ᠤ ᠠᠵᠢᠯ ᠤᠨ ᠶᠡᠷᠦᠩᠬᠡᠶ | ᠬᠠᠷᠠᠯᠲᠠ ᠡᠭᠦᠷᠭᠡ ᠳᠤ ᠨᠠᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠡᠳᠦᠭᠡ ᠳᠣᠤᠷ᠎ᠠ ᠬᠠᠭᠠᠰ ᠵᠢᠯ ᠤᠨ ᠪᠥᠬᠦ | ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠳᠣᠤᠷᠠᠬᠢ ᠮᠡᠲᠦ | ᠮᠡᠳᠡᠭᠳᠡᠶ᠎ᠡ᠄ | ᠨᠢᠭᠡ᠂ ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ | ︵ᠨᠢᠭᠡ︶ ᠭᠤᠤᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠦᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠴᠢᠨᠠᠷ ᠰᠠᠶᠢᠲᠠᠶ | ᠬᠥᠭᠵᠢᠯᠲᠡ ᠪᠠᠷ ᠭᠤᠤᠯ ᠰᠡᠳᠦᠪ ᠪᠣᠯᠭᠠᠵᠤ᠂ ᠭᠤᠤᠯᠳᠠᠭᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ | ︽ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠵᠡᠷᠭᠡ ᠲᠠᠯ᠎ᠠ ᠪᠠᠷ ᠮᠡᠳᠡᠭᠡ ᠵᠠᠩᠭᠢ ᠶᠢ ᠢᠯᠡ ᠪᠣᠯᠭᠠᠬᠤ ᠶᠢ | ᠰᠠᠶᠢᠲᠤᠷ ᠬᠢᠨ᠎ᠠ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠴᠠᠭ ᠲᠤᠬᠠᠶ ᠳᠤᠨᠢ ᠪᠦᠷᠢᠨ ᠪᠦᠲᠦᠨ | ᠣᠨᠣᠪᠴᠢᠲᠠᠶ ᠪᠥᠬᠦ ᠲᠠᠯ᠎ᠠ ᠪᠠᠷ ᠢᠯᠡ ᠪᠣᠯᠭᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠣᠲᠣ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠠ ︽ᠨᠢᠭᠡ ᠣᠷᠣᠨ ᠬᠤᠶᠠᠷ ᠬᠦᠢᠰᠦ ᠭᠤᠷᠪᠠᠨ | ᠰᠠᠭᠤᠷᠢᠨ ᠭᠠᠵᠠᠷ︾ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠪᠣᠶ ᠪᠣᠯᠭᠠᠨ᠎ᠠ᠃ | | ︵ᠬᠤᠶᠠᠷ︶ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠢᠯᠡ ᠪᠣᠯᠭᠠᠨ᠎ᠠ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ | ᠲᠣᠭᠤᠷᠢᠨ ᠳᠤ᠂ ︽ᠳᠤᠲᠠᠭᠤ ᠳᠣᠷᠭᠤᠨ︾ ᠢᠨᠵᠧᠨᠧᠷᠢᠩ ᠢ ᠲᠦᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ | ᠲᠣᠭᠤᠷᠢᠨ ᠳᠤ᠂ ᠪᠡᠯᠡ ᠮᠥᠩᠭᠦ ᠶᠢ ᠲᠦᠢᠯᠪᠤᠷᠢᠲᠠᠢ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠵᠦ᠂ | ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠬᠤ ᠡᠬᠢ ᠪᠠᠶᠠᠯᠢᠭ ᠤᠨ ᠬᠦᠴᠦᠨ ᠵᠦᠢᠯ ᠢ ᠲᠦᠢᠯᠪᠤᠷᠢᠲᠠᠢ | ᠪᠠᠶᠢᠴᠠᠭᠠᠬᠤ ᠠᠵᠢᠯᠯᠠᠭ᠎ᠠ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠰᠤᠯᠠ ᠪᠠᠶᠢᠬᠤ ᠭᠠᠵᠠᠷ ᠰᠢᠷᠣᠢ ᠶᠢ | ᠲᠦᠢᠯᠪᠤᠷᠢᠲᠠᠢ ᠰᠢᠢᠳᠪᠦᠷᠢᠯᠡᠬᠦ ᠠᠵᠢᠯ ᠢ ᠵᠥᠪᠰᠢᠶᠡᠷᠡᠭᠰᠡᠨ ᠪᠣᠯᠪᠠᠴᠤ ᠳᠦᠷᠢᠮ ᠤᠨ ᠪᠠᠶᠢᠭᠤᠯᠤᠯᠲᠠ᠂ ᠠᠵᠢᠯ ᠢ | ᠠᠬᠢᠭᠤᠯᠬᠤ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠪᠡ᠃ | ︵ᠭᠤᠷᠪᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠳᠬᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ᠂ ᠬᠤᠳᠠᠯᠳᠤᠭᠠᠴᠢᠨ | ᠤᠷᠢᠬᠤ ᠲᠥᠷᠥᠯ ᠵᠦᠢᠯ᠂ ᠬᠤᠳᠠᠯᠳᠤᠭᠠᠴᠢᠨ ᠤᠷᠢᠬᠤ ᠪᠡᠯᠡ ᠣᠷᠣᠭᠤᠯᠤᠯᠲᠠ ᠶᠢᠨ ᠳᠠᠪᠠᠭᠤᠯᠢᠭ ᠪᠠ ᠣᠨᠴᠠᠯᠢᠭᠲᠤ | ᠠᠵᠤ ᠦᠢᠯᠡᠰ ᠤᠨ ᠪᠠᠶᠢᠳᠠᠯ ᠵᠡᠷᠭᠡ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠮᠡᠳᠡᠭᠡ | ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ | ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠮᠥᠩᠭᠦ ᠶᠢᠨ ᠨᠥᠬᠦᠪᠥᠷᠢ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠬᠢᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠡᠷᠭᠡ ᠮᠡᠳᠡᠭᠡ | ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ | ᠬᠤᠶᠠᠷ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠪᠢᠴᠢᠭ ᠮᠠᠲ᠋ᠧᠷᠢᠶᠠᠯ ᠢ ᠢᠯᠡ ᠪᠣᠯᠭᠠᠬᠤ | ᠠᠵᠢᠯ ᠢ ᠰᠠᠶᠢᠲᠤᠷ ᠬᠢᠬᠦ ᠬᠡᠷᠡᠭᠲᠡᠶ | ︵ᠨᠢᠭᠡ︶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠶᠢ ᠰᠠᠶᠢᠲᠤᠷ ᠬᠢᠨ᠎ᠡ᠃ | ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠲᠣᠭᠲᠠᠭᠠᠬᠤ ᠲᠣᠭᠲᠠᠴᠠ ᠳᠤ ᠣᠷᠣᠯᠴᠠᠬᠤ ᠶᠢ ᠰᠢᠯᠢᠳᠡᠭᠵᠢᠭᠦᠯᠵᠦ᠂ | ᠲᠥᠷᠥ ᠶᠢᠨ ᠪᠣᠳᠣᠯᠭ᠎ᠠ ᠲᠣᠭᠲᠠᠭᠠᠬᠤ ᠠᠴᠠ ᠡᠮᠦᠨ᠎ᠡ᠂ ᠲᠥᠷᠥ ᠶᠢᠨ ᠪᠣᠳᠣᠯᠭ᠎ᠠ ᠶᠢᠨ ᠰᠠᠨᠠᠯ ᠬᠤᠷᠢᠶᠠᠬᠤ ᠨᠣᠤᠷᠠᠭ ᠢ | ᠴᠠᠭ ᠲᠤᠬᠠᠶ ᠳᠤᠨᠢ ᠢᠯᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠥᠰᠦᠯ ᠢ ᠲᠠᠶᠢᠯᠪᠤᠷᠢᠯᠠᠬᠤ ᠠᠵᠢᠯ ᠢ ᠰᠠᠶᠢᠲᠤᠷ | ᠬᠢᠵᠦ᠂ ᠰᠠᠨᠠᠯ ᠴᠤᠭᠯᠠᠭᠤᠯᠬᠤ᠂ ᠪᠠᠶᠢᠴᠠᠭᠠᠨ ᠰᠤᠳᠤᠯᠵᠤ ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ | ᠴᠤᠭᠯᠠᠭᠤᠯᠬᠤ ᠠᠵᠢᠯ ᠢ ᠥᠷᠨᠢᠭᠦᠯᠵᠦ᠂ ᠣᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠰᠠᠨᠠᠯ | ᠰᠠᠨᠠᠭᠤᠯᠭ᠎ᠠ ᠶᠢ ᠡᠮᠬᠢᠳᠬᠡᠪᠡ᠃ ᠰᠠᠨᠠᠯ ᠬᠤᠷᠢᠶᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ | ᠣᠯᠠᠨ ᠨᠡᠶᠢᠲᠡ ᠶᠢᠨ ᠬᠠᠷᠢᠭᠤ ᠲᠤᠰᠬᠠᠭᠰᠠᠨ ᠪᠠᠶᠢᠳᠠᠯ ᠢ ᠲᠥᠷᠥ ᠶᠢᠨ ᠪᠣᠳᠣᠯᠭ᠎ᠠ ᠲᠣᠭᠲᠠᠭᠠᠬᠤ ᠶᠠᠪᠤᠴᠠ ᠳᠤ | ᠪᠦᠲᠦᠮᠵᠢᠲᠡᠶ ᠢᠯᠡᠷᠡᠭᠦᠯᠬᠦ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠥᠷᠥᠯ ᠬᠤᠪᠢᠶᠠᠬᠤ᠂ ᠲᠥᠪᠯᠡᠷᠡᠭᠦᠯᠦᠨ | ᠢᠯᠡ ᠪᠣᠯᠭᠠᠬᠤ ᠶᠢ ᠴᠢᠩᠭᠠᠳᠬᠠᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠵᠠᠰᠠᠭ ᠤᠨ ᠣᠷᠳᠣᠨ ᠤ ᠪᠦᠲᠦᠮᠵᠢᠲᠡᠶ | ᠳᠦᠷᠢᠮ ᠲᠣᠭᠲᠠᠭᠠᠯ ᠢ ᠲᠥᠪᠯᠡᠷᠡᠭᠦᠯᠦᠨ ᠵᠢᠷᠤᠮᠵᠢᠭᠤᠯᠤᠨ ᠢᠯᠡ ᠪᠣᠯᠭᠠᠬᠤ ᠶᠢ ᠰᠠᠶᠢᠲᠤᠷ ᠬᠢᠵᠦ᠂ ᠵᠠᠰᠠᠭ ᠤᠨ | ᠣᠷᠳᠣᠨ ᠤ ᠳᠦᠷᠢᠮ ᠲᠣᠭᠲᠠᠭᠠᠯ ᠤᠨ ᠬᠥᠮᠥᠷᠭᠡ ᠶᠢ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠬᠦ ᠬᠡᠷᠡᠭᠲᠡᠶ᠃ | ᠵᠠᠰᠠᠭ ᠤᠨ ᠣᠷᠳᠣᠨ ᠤ ᠰᠦᠯᠵᠢᠶᠡᠨ ᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠲᠤᠰᠬᠠᠶ | ᠪᠤᠯᠤᠩ ᠳᠤ ᠲᠦᠰᠢᠭᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠭᠠᠷᠴᠠᠭ ᠢ ᠲᠥᠪᠯᠡᠷᠡᠭᠦᠯᠦᠨ ᠢᠯᠡ ᠪᠣᠯᠭᠠᠵᠤ᠂ ︽ᠲᠣᠭᠲᠠᠭᠠᠬᠤ | ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ︾ ᠱᠠᠭᠠᠷᠳᠠᠯᠭ᠎ᠠ ᠶᠣᠰᠣᠭᠠᠷ ᠪᠢᠴᠢᠭ ᠮᠠᠲ᠋ᠧᠷᠢᠶᠠᠯ ᠢ ᠴᠠᠭ | ᠲᠤᠬᠠᠶ ᠳᠤᠨᠢ ᠢᠯᠭᠠᠷᠠᠭᠤᠯᠤᠨ ᠰᠢᠨᠡᠳᠬᠡᠨ᠎ᠡ᠃ ᠪᠢᠴᠢᠭ ᠮᠠᠲ᠋ᠧᠷᠢᠶᠠᠯ ᠤᠨ ᠰᠢᠨᠵᠢ ᠴᠢᠨᠠᠷ ᠢ ᠡᠬᠢ ᠡᠭᠦᠰᠦᠯ ᠠᠴᠠ ᠨᠢ | ᠦᠨᠡᠮᠰᠢᠬᠦ ᠠᠵᠢᠯ ᠢ ᠴᠢᠩᠭᠠᠷᠠᠭᠤᠯᠤᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ | ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠲᠥᠷᠥᠯ ᠬᠤᠪᠢᠶᠠᠨ ᠳᠡᠯᠭᠡᠨ ᠦᠵᠡᠭᠦᠯᠬᠦ ᠶᠢ ᠲᠡᠭᠦᠯᠳᠡᠷᠵᠢᠭᠦᠯᠵᠦ᠂ | ᠭᠤᠤᠯ ᠰᠡᠳᠦᠪ ᠤᠨ ᠬᠤᠪᠢᠶᠠᠷᠢᠯᠠᠯ ᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠢᠯᠡ ᠲᠣᠳᠣ | ᠲᠡᠮᠳᠡᠭ ᠤᠨ ᠪᠦᠲᠦᠮᠵᠢᠲᠦ ᠴᠢᠨᠠᠷ ᠪᠤᠶᠤ ᠬᠦᠴᠦᠨ ᠲᠠᠢ ᠬᠤᠭᠤᠴᠠᠭ᠎ᠠ ᠶᠢ ᠲᠣᠳᠣᠷᠬᠠᠶᠢᠯᠠᠬᠤ ᠬᠡᠷᠡᠭᠲᠡᠶ᠃ | ︵ᠭᠤᠷᠪᠠ︶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠨ᠎ᠠ᠃ | ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ | ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠬᠢᠭᠡᠳ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠵᠡᠷᠭᠡᠪᠡᠷ ᠲᠤᠭᠤᠷᠪᠢᠬᠤ᠂ ᠵᠡᠷᠭᠡᠪᠡᠷ ᠬᠢᠨᠠᠨ ᠭᠠᠷ ᠤᠨ ᠦᠰᠦᠭ ᠵᠢᠷᠤᠬᠤ᠂ ︽ᠭᠤᠷᠪᠠᠨ ᠢᠵᠢᠯ | ᠠᠯᠬᠤᠮ︾ ᠢ ᠵᠡᠷᠭᠡᠪᠡᠷ ᠨᠡᠶᠢᠲᠡᠯᠡᠬᠦ ᠶᠢ ᠪᠠᠷᠢᠮᠲᠠᠯᠠᠨ᠂ ︽ᠤᠩᠰᠢᠨ ᠲᠠᠶᠢᠯᠪᠤᠷᠢᠯᠠᠬᠤ᠂ ᠪᠦᠬᠦᠨ ᠢ ᠲᠠᠶᠢᠯᠪᠤᠷᠢᠯᠠᠬᠤ︾ | ᠶᠢ ᠪᠡᠶᠡᠯᠡᠭᠦᠯᠦᠨ᠎ᠡ᠃ ᠲᠠᠶᠢᠯᠤᠮᠵᠢ ᠶᠢᠨ ᠮᠠᠲ᠋ᠧᠷᠢᠶᠠᠯ ᠨᠢ ᠠᠬᠤᠶ ᠪᠠᠶᠢᠳᠠᠯ ᠤᠨ ᠦᠨᠳᠦᠰᠦᠯᠡᠯ᠂ ᠬᠠᠷᠠᠯᠲᠠ ᠡᠭᠦᠷᠭᠡ᠂ | ᠭᠤᠤᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ᠂ ᠠᠷᠠᠳ ᠲᠤ ᠠᠰᠢᠭ ᠬᠦᠷᠲᠡᠭᠡᠬᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ | ᠵᠡᠷᠭᠡ ᠮᠥᠨ ᠴᠢᠨᠠᠷ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠪᠠᠷ ᠣᠶᠢᠯᠠᠭᠠᠮᠵᠢᠲᠠᠶ ᠦᠭᠡ | ᠬᠡᠯᠡ ᠶᠢ ᠬᠡᠷᠡᠭᠯᠡᠨ᠂ ᠵᠢᠷᠤᠭᠲᠤ ᠲᠠᠶᠢᠯᠤᠮᠵᠢ᠂ ᠺᠠᠷᠲ᠋ᠣᠨ ᠵᠢᠷᠤᠭ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠶ ᠠᠷᠭ᠎ᠠ ᠮᠠᠶ᠋ᠢᠭ ᠢᠶᠠᠷ ᠲᠠᠶᠢᠯᠤᠮᠵᠢ ᠬᠢᠬᠦ ᠶᠢᠨ ᠬᠠᠮᠲᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠪᠥᠬᠦ | ᠲᠠᠯ᠎ᠠ ᠪᠠᠷ ᠣᠨᠣᠪᠴᠢᠲᠠᠶ ᠳᠠᠮᠵᠢᠭᠤᠯᠤᠨ᠎ᠠ᠃ ᠴᠢᠬᠤᠯᠠ ᠲᠥᠷᠥ ᠶᠢᠨ ᠪᠣᠳᠣᠯᠭ᠎ᠠ ᠨᠡᠶᠢᠲᠡᠯᠡᠬᠦ᠂ ᠭᠤᠤᠯᠳᠠᠯᠭ᠎ᠠ ᠲᠠᠢ | ᠠᠵᠢᠯ ᠢ ᠠᠬᠢᠭᠤᠯᠬᠤ᠂ ᠬᠦᠨᠳᠦ ᠶᠡᠭᠡ ᠬᠡᠷᠡᠭ ᠭᠠᠷᠤᠭᠰᠠᠨ ᠦᠶ᠎ᠡ ᠳᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠮᠡᠳᠡᠭᠡ ᠵᠠᠩᠭᠢ ᠨᠡᠶᠢᠲᠡᠯᠡᠬᠦ᠂ ᠡᠷᠬᠡ ᠰᠦᠷᠲᠦ ᠲᠣᠬᠢᠷᠠᠭᠤᠯᠤᠯᠲᠠ | ᠬᠢᠬᠦ᠂ ᠤᠬᠠᠮᠰᠠᠷ ᠠᠴᠠ ᠪᠠᠨ ᠬᠠᠷᠢᠭᠤᠴᠠᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ | ᠰᠣᠨᠢᠨ ᠮᠡᠳᠡᠭᠡ ᠨᠡᠶᠢᠲᠡᠯᠡᠬᠦ ᠬᠤᠷᠠᠯ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠲᠥᠷᠥ ᠶᠢᠨ | ᠪᠣᠳᠣᠯᠭ᠎ᠠ ᠶᠢ ᠲᠦᠷᠦᠭᠦᠯᠡᠨ ᠲᠠᠶᠢᠯᠪᠤᠷᠢᠯᠠᠵᠤ᠂ ᠵᠢᠱᠢᠯᠲᠡ ᠶᠢ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠬᠤ | ᠬᠡᠷᠡᠭᠲᠡᠶ᠃ ᠢᠯᠡ ᠪᠣᠯᠭᠠᠵᠤ ᠪᠣᠯᠬᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠵᠢᠷᠤᠭ ᠪᠢᠴᠢᠭ ᠤᠨ | ᠵᠢᠷᠤᠭ ᠬᠦᠰᠦᠨᠦᠭᠲᠦ᠂ ᠳᠠᠭᠤᠨ ᠳᠠᠪᠲᠠᠮᠵᠢ ᠶᠢᠨ ᠸᠢᠳᠢᠣ᠋᠂ ᠺᠠᠷᠲ᠋ᠤᠨ ᠵᠢᠷᠤᠭ ᠵᠡᠷᠭᠡ ᠬᠡᠯᠪᠡᠷᠢ ᠪᠠᠷ ᠲᠠᠶᠢᠯᠤᠮᠵᠢ ᠶᠢ | ᠴᠢᠩᠭᠠᠳᠬᠠᠬᠤ ᠬᠡᠷᠡᠭᠲᠡᠶ᠃ | ᠭᠤᠷᠪᠠ᠂ ᠭᠤᠤᠯᠳᠠᠯᠭ᠎ᠠ ᠲᠠᠢ ᠬᠦᠷᠢᠶᠡᠨ ᠤ ᠠᠵᠢᠯ ᠤᠨ ᠲᠣᠭᠤᠷᠢᠨ ᠳᠤ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠢ ᠰᠠᠶᠢᠲᠤᠷ ᠬᠢᠨ᠎ᠡ | ︵ᠨᠢᠭᠡ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠮᠡᠳᠡᠭᠡ ᠵᠠᠩᠭᠢ ᠶᠢ ᠢᠯᠡ | ᠪᠣᠯᠭᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠬᠥᠮᠦᠰ ᠲᠤ ᠴᠢᠭᠯᠡᠭᠦᠯᠦᠨ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠥᠷᠥ ᠶᠢᠨ | ᠪᠣᠳᠣᠯᠭ᠎ᠠ ᠵᠢᠴᠢ ᠦᠢᠯᠡᠴᠢᠯᠡᠭᠡᠨ ᠤ ᠮᠡᠳᠡᠭᠡ ᠵᠠᠩᠭᠢ ᠨᠡᠶᠢᠲᠡᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠪᠠ ᠬᠦᠷᠭᠡᠬᠦ ᠶᠠᠰᠤ ᠴᠢᠨᠠᠷ ᠪᠠ ᠡᠷᠴᠢᠮ ᠢ ᠴᠢᠩᠭᠠᠷᠠᠭᠤᠯᠤᠨ᠎ᠠ᠃ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠠᠰᠠᠭ ᠤᠨ | ᠣᠷᠳᠣᠨ ᠤ ᠫᠤᠷᠲ᠋ᠧᠯ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠠᠵᠢᠯ | ᠣᠯᠭᠤᠬᠤ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠳᠡᠯᠭᠡᠷᠡᠭᠦᠯᠵᠦ᠂ ᠨᠠᠩ ᠣᠯᠠᠨ | ᠬᠥᠮᠦᠨ ᠳᠤ ᠬᠠᠮᠢᠶ᠎ᠠ ᠪᠥᠬᠦᠶ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ ᠵᠠᠩᠭᠢ ᠶᠢ | ᠣᠶᠢᠯᠠᠭᠠᠭᠤᠯᠬᠤ ᠶᠢᠨ ᠬᠠᠮᠲᠤ ᠣᠯᠭᠤᠬᠤ ᠬᠡᠷᠡᠭᠲᠡᠶ᠃ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠲᠥᠷᠥ ᠶᠢᠨ | ᠪᠣᠳᠣᠯᠭ᠎ᠠ ᠶᠢᠨ ᠦᠨᠳᠦᠰᠦᠯᠡᠯ᠂ ᠮᠡᠳᠡᠭᠦᠯᠦᠨ ᠬᠦᠷᠭᠡᠬᠦ ᠮᠠᠲ᠋ᠧᠷᠢᠶᠠᠯ᠂ ᠠᠵᠢᠯ ᠤᠨ ᠴᠤᠪᠤᠷᠠᠯ᠂ ᠴᠠᠭ ᠤᠨ ᠠᠬᠢᠴᠠ | ᠵᠢᠴᠢ ᠦᠨᠡᠯᠡᠨ ᠲᠣᠭᠲᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠨᠡᠶᠢᠲᠡᠯᠡᠨ᠎ᠡ᠃ | ︵ᠬᠤᠶᠠᠷ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠬᠡᠮ ᠤᠨ ᠠᠪᠤᠷᠠᠨ ᠲᠤᠰᠠᠯᠠᠯᠳᠠ ᠶᠢᠨ ᠮᠡᠳᠡᠭᠡ | ᠵᠠᠩᠬᠢ ᠶᠢ ᠢᠯᠡ ᠪᠤᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ᠂ | ᠬᠠᠶ᠋ᠢᠭ ᠪᠠ ᠠᠰᠠᠭᠤᠨ ᠯᠠᠪᠯᠠᠬᠤ ᠤᠲᠠᠰᠤ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠣᠨᠣᠪᠴᠢᠲᠠᠶ | ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠲᠠᠯᠪᠢᠵᠤ | ᠪᠠᠶᠢᠴᠠᠭᠠᠭᠰᠠᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ᠂ ᠵᠡᠮᠳᠡᠭᠴᠦᠳ ᠤᠨ ᠨᠥᠬᠦᠪᠥᠷᠢ᠂ ᠥᠨᠳᠥᠷ ᠨᠠᠰᠤᠨ ᠤ ᠨᠡᠮᠡᠭᠦᠷᠢ ᠮᠥᠩᠭᠦ ᠵᠡᠷᠭᠡ ᠪᠡᠯᠡ ᠮᠥᠩᠭᠦ ᠶᠢᠨ | ᠣᠯᠭᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ | ᠵᠠᠩᠭᠢ ᠶᠢ ᠢᠯᠡ ᠪᠣᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠲᠥᠷᠥ ᠶᠢᠨ | ᠪᠣᠳᠣᠯᠭ᠎ᠠ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠬᠡᠰᠡᠭ ᠬᠤᠪᠢᠶᠠᠬᠤ ᠬᠦᠷᠢᠶ᠎ᠡ ᠬᠡᠪᠴᠢᠶ᠎ᠡ᠂ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ | ᠦᠷᠭᠦᠯᠵᠢᠯᠡᠨ ᠰᠠᠶᠢᠲᠤᠷ ᠬᠢᠨ᠎ᠡ᠃ ᠡᠷᠬᠡ ᠲᠡᠭᠰᠢ ᠲᠥᠪ ᠭᠤᠣᠯᠴᠢ ᠰᠤᠷᠭᠠᠭᠤᠯᠢ ᠳᠤ ᠣᠷᠣᠬᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠣᠮᠧᠷ ᠡᠷᠭᠢᠭᠦᠯᠬᠦ ᠲᠥᠷᠥ ᠶᠢᠨ ᠪᠣᠳᠣᠯᠭ᠎ᠠ᠂ ᠬᠡᠷᠡᠭᠰᠡᠬᠦ ᠮᠠᠲ᠋ᠧᠷᠢᠶᠠᠯ | ᠵᠢᠴᠢ ᠨᠣᠮᠧᠷ ᠡᠷᠭᠢᠭᠦᠯᠬᠦ ᠦᠷ᠎ᠡ ᠳ᠋ᠦᠩ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ ᠨᠡᠶᠢᠲᠡᠯᠡᠬᠦ ᠬᠡᠷᠡᠭᠲᠡᠢ᠃ ᠡᠯ᠎ᠡ | ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠮᠡᠳᠡᠭᠡ | ᠵᠠᠩᠭᠢ ᠶᠢ ᠣᠨᠣᠪᠴᠢᠲᠠᠶ ᠨᠡᠶᠢᠲᠡᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢᠨ | ᠤᠬᠠᠭᠤᠯᠭ᠎ᠠ ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠶ ᠬᠢᠨᠠᠯᠲᠠ ᠪᠠᠶᠢᠴᠠᠭᠠᠯᠲᠠ ᠶᠢᠨ | ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠨ᠎ᠠ᠃ | ︵ᠲᠦᠷᠪᠡ︶ ᠣᠯᠠᠨ ᠨᠡᠶᠢᠲᠡ ᠶᠢᠨ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠮᠡᠳᠡᠭᠡ ᠵᠠᠩᠭᠢ ᠶᠢ ᠢᠯᠡ | ᠪᠣᠯᠭᠠᠬᠤ ᠬᠡᠷᠡᠭᠲᠡᠢ᠃ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠪᠠᠶᠢᠭᠤᠯᠤᠮᠵᠢ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠶᠢᠳᠦᠯ᠂ ᠬᠠᠶ᠋ᠢᠭ᠂ ᠨᠡᠭᠡᠭᠡᠬᠦ ᠴᠠᠭ᠂ | ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠵᠦ᠂ ᠡᠯ᠎ᠡ ᠲᠥᠷᠥᠯ ᠤᠨ ᠣᠯᠠᠨ ᠲᠦᠮᠡᠨ ᠤ | ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠦᠵᠡᠭᠦᠯᠦᠯᠭᠡ ᠵᠡᠷᠭᠡ ᠮᠡᠳᠡᠭᠡ ᠵᠠᠩᠭᠢ ᠶᠢ ᠴᠠᠭ | ᠲᠤᠬᠠᠶ ᠳᠤᠨᠢ ᠢᠯᠡ ᠪᠣᠯᠭᠠᠬᠤ ᠶᠢᠨ ᠬᠠᠮᠲᠤ᠂ ᠡᠯ᠎ᠡ ᠬᠦᠷᠢᠶᠡᠨ ᠳᠠᠬᠢ ᠬᠢᠨᠠᠯᠲᠠ ᠪᠠᠶᠢᠴᠠᠭᠠᠯᠲᠠ ᠶᠢᠨ ᠮᠡᠳᠡᠭᠡ | ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ | ︵ᠲᠠᠪᠤ︶ ᠠᠮᠢ ᠠᠬᠤᠢ ᠣᠷᠴᠢᠨ ᠲᠣᠭᠤᠷᠢᠨ ᠤ ᠰᠤᠷᠠᠭ ᠵᠠᠩᠭᠢ ᠶᠢ ᠢᠯᠡ ᠪᠣᠯᠭᠠᠬᠤ᠃ ᠬᠤᠲᠠ ᠶᠢᠨ | ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠭᠠᠵᠠᠷ ᠳᠡᠭᠡᠷᠡᠬᠢ ᠤᠰᠤᠨ ᠤ ᠶᠠᠰᠤ ᠴᠢᠨᠠᠷ ᠢ ᠬᠢᠨᠠᠨ ᠬᠡᠮᠵᠢᠬᠦ᠂ | ᠬᠤᠲᠠ ᠶᠢᠨ ᠤᠤᠭᠤᠬᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠵᠡᠷᠭᠡ ᠮᠡᠳᠡᠭᠡ ᠵᠠᠩᠭᠢ ᠶᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠬᠦ ᠮᠡᠳᠡᠭᠦᠯᠦᠯᠲᠡ ᠶᠢᠨ ᠴᠣᠬᠤᠯᠠᠪᠤᠷᠢ ᠶᠢ ᠢᠯᠡ ᠪᠣᠯᠭᠠᠬᠤ ᠠᠵᠢᠯ ᠢ ᠰᠠᠶᠢᠲᠤᠷ | ᠬᠢᠨ᠎ᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ | ᠵᠢᠴᠢ ᠠᠰᠠᠭᠤᠨ ᠯᠠᠪᠯᠠᠬᠤ ᠠᠵᠢᠯ ᠢ ᠴᠢᠩᠭᠠᠳᠬᠠᠨ᠎ᠠ᠃ | ︵ᠵᠢᠷᠭᠤᠭ᠎ᠠ︶ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠰᠡᠷᠭᠡᠭ ᠪᠤᠰᠤ ᠠᠳᠡᠯ ᠤᠨ ᠭᠠᠮᠰᠢᠭ ᠤᠨ ᠲᠥᠷᠥᠯ ᠤᠨ | ᠰᠡᠷᠡᠮᠵᠢᠯᠡᠭᠦᠯᠬᠦ ᠮᠡᠳᠡᠭᠡ ᠵᠠᠩᠭᠢ᠂ ᠠᠳᠡᠯ ᠤᠨ ᠮᠡᠳᠡᠭᠡ ᠵᠠᠩᠭᠢ᠂ ᠠᠳᠡᠯ ᠤᠨ ᠳᠠᠷᠠᠭᠠᠬᠢ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭᠠᠴᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ | ᠰᠠᠶᠢᠲᠤᠷ ᠬᠢᠵᠦ᠂ ᠴᠠᠭ ᠠᠭᠤᠷ ᠬᠢᠭᠡᠳ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ | ᠢᠯᠡ ᠪᠣᠯᠭᠠᠬᠤ ᠬᠡᠷᠡᠭᠲᠡᠶ᠃ ᠢᠳᠡᠭᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ ᠵᠢᠴᠢ ᠡᠮᠴᠢᠯᠡᠭᠡᠨ ᠤ ᠮᠠᠰᠢᠨ | ᠪᠠᠭᠠᠵᠢ ᠵᠡᠷᠭᠡ ᠶᠢᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢ ᠢᠯᠡ ᠪᠣᠯᠭᠠᠬᠤ | ᠡᠷᠴᠢᠮ ᠢᠶᠠᠨ ᠨᠡᠮᠡᠭᠳᠡᠭᠦᠯᠵᠦ᠂ ᠡᠯ᠎ᠡ ᠲᠥᠷᠥᠯ ᠤᠨ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠲᠥᠷᠥ ᠶᠢᠨ | ᠪᠣᠳᠣᠯᠭ᠎ᠠ᠂ ᠠᠷᠭ᠎ᠠ ᠵᠠᠮ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠢᠯᠡ | ᠪᠣᠯᠭᠠᠬᠤ ᠪᠠᠷ ᠵᠢᠷᠤᠮᠵᠢᠯ ᠢ ᠠᠬᠢᠭᠤᠯᠤᠨ᠂ ᠦᠢᠯᠡᠴᠢᠯᠡᠭᠡ ᠶᠢ ᠳᠡᠭᠡᠭᠰᠢᠯᠡᠭᠦᠯᠬᠦ ᠬᠡᠷᠡᠭᠲᠡᠶ᠃ | ᠳᠥᠷᠪᠡ᠂ ᠪᠠᠷᠢᠮᠵᠢᠶᠠᠵᠢᠭᠤᠯᠬᠤ ᠶᠢ ᠵᠢᠷᠤᠮᠵᠢᠭᠤᠯᠬᠤ ᠶᠢᠨ ᠲᠣᠭᠤᠷᠢᠨ ᠳᠤ ᠠᠵᠢᠯ ᠢ ᠢᠯᠡ ᠪᠣᠯᠭᠠᠬᠤ ᠠᠵᠢᠯ ᠢ | ᠰᠠᠶᠢᠲᠤᠷ ᠬᠢᠬᠦ ᠬᠡᠷᠡᠭᠲᠡᠶ | ︵ᠨᠢᠭᠡ︶ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠢᠯᠡ ᠪᠠᠷ ᠬᠢᠨᠠᠨ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠢᠮᠠᠨ ᠵᠦᠢᠯ ᠤᠨ ᠣᠷᠣᠨ ᠨᠤᠲᠤᠭ ᠤᠨ | ᠪᠠᠷᠢᠮᠵᠢᠶ᠎ᠠ ᠪᠠᠷ ᠰᠠᠭᠤᠷᠢ ᠪᠣᠯᠭᠠᠨ᠂ ᠪᠣᠳᠠᠲᠠᠢ ᠲᠠᠢ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ ᠭᠦᠢᠴᠡᠳᠬᠡᠬᠦ ᠴᠢᠳᠠᠪᠤᠷᠢ ᠪᠠ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠶᠤᠴᠢᠯᠠᠯ ᠶᠣᠰᠣᠭᠠᠷ ᠢᠯᠡ ᠪᠣᠯᠭᠠᠬᠤ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠬᠠᠶ ᠭᠤᠶᠤᠴᠢᠯᠠᠭᠴᠢ ᠶᠢᠨ ᠵᠦᠢ ᠵᠣᠬᠢᠰᠲᠠᠶ | ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠶ᠃ ᠭᠤᠶᠤᠴᠢᠯᠠᠭᠴᠢ ᠯᠤᠭ᠎ᠠ ᠨᠡᠪᠲᠡᠷᠡᠯᠴᠡᠬᠦ | ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠭᠴᠢ ᠶᠢᠨ ᠬᠦᠰᠡᠯ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠶ | ᠣᠶᠢᠯᠠᠭᠠᠵᠤ᠂ ᠭᠦᠢᠴᠡᠳᠬᠡᠬᠦ ᠪᠠ ᠬᠠᠷᠢᠭᠤᠯᠲᠠ ᠥᠭᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠤᠶᠤᠴᠢᠯᠠᠯ | ᠶᠣᠰᠣᠭᠠᠷ ᠢᠯᠡ ᠪᠠᠷ ᠰᠢᠢᠳᠪᠦᠷᠢᠯᠡᠬᠦ ᠳᠤᠮᠳᠠᠬᠢ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠵᠦ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ ᠳᠤ ᠬᠠᠷᠢᠭᠤᠯᠲᠠ ᠥᠭᠬᠦ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠵᠤ᠂ ᠮᠠᠷᠭᠤᠯᠳᠤᠭᠠᠨ ᠡᠭᠦᠰᠬᠦ ᠨᠣᠷᠮ᠎ᠠ᠂ | ᠠᠯᠳᠠᠭ᠎ᠠ ᠪᠤᠷᠤᠭᠤ ᠪᠠᠨ ᠵᠠᠯᠠᠷᠠᠭᠤᠯᠤᠭᠳᠠᠬᠤ ᠨᠣᠷᠮ᠎ᠠ ᠶᠢ ᠪᠠᠭᠤᠷᠠᠭᠤᠯᠤᠨ᠎ᠠ᠃ ᠡᠯ᠎ᠡ ᠭᠠᠵᠠᠷ ᠣᠷᠣᠨ ᠨᠢ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠤᠨ ᠪᠣᠳᠠᠲᠤ ᠴᠣᠭᠴᠠ ᠶᠢᠨ ︽ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ | ᠣᠷᠣᠨ︾ ᠢ ᠪᠦᠲᠦᠮᠵᠢᠲᠡᠶ ᠠᠰᠢᠭᠯᠠᠨ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ ᠤᠨ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠭᠤᠶᠤᠴᠢᠯᠠᠯ ᠶᠣᠰᠣᠭᠠᠷ ᠢᠯᠡ ᠪᠣᠯᠭᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ | ᠥᠬᠡᠶ ᠨᠡᠪᠲᠡᠷᠡᠭᠦᠯᠵᠦ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠶᠢ ᠣᠯᠠᠨ ᠲᠦᠮᠡᠨ ᠬᠢᠭᠡᠳ ᠵᠠᠰᠠᠭ ᠤᠨ | ᠣᠷᠳᠣᠨ ᠤ ᠨᠡᠪᠲᠡᠷᠡᠯᠴᠡᠬᠦ ᠶᠢᠨ ︽ᠰᠡᠳᠬᠢᠯ ᠤᠨ ᠬᠥᠭᠦᠷᠭᠡ︾ ︽ᠰᠢᠭᠤᠳ ᠨᠡᠪᠲᠡᠷᠡᠬᠦ ᠲᠡᠷᠭᠡ︾ ᠪᠣᠯᠭᠠᠵᠤ᠂ | ᠬᠠᠤᠯᠢ ᠲᠣᠭᠲᠠᠭᠠᠯ ᠶᠣᠰᠣᠭᠠᠷ᠂ ᠢᠯᠡ ᠪᠣᠯᠭᠠᠬᠤ ᠪᠠ ᠵᠣᠬᠢᠴᠠᠭᠤᠯᠬᠤ ᠶᠢ ᠤᠶᠠᠯᠳᠤᠭᠤᠯᠤᠨ᠂ ᠣᠯᠠᠨ ᠲᠦᠮᠡᠨ ᠳᠤ | ᠥᠨᠳᠥᠷ ᠪᠦᠲᠦᠮᠵᠢᠲᠡᠶ ᠳᠥᠭᠦᠮ ᠳᠥᠲᠡ ᠦᠢᠯᠡᠴᠢᠯᠡᠭᠡ ᠬᠠᠩᠭᠠᠵᠤ᠂ ᠵᠠᠰᠠᠭ ᠤᠨ ᠣᠷᠳᠣᠨ ᠬᠢᠭᠡᠳ ᠣᠯᠠᠨ | ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠦᠨᠳᠦᠰᠦᠨ ᠱᠠᠲᠤᠨ ᠤ ᠵᠥᠷᠢᠴᠡᠯ ᠢ ᠠᠷᠢᠯᠭᠠᠨ᠂ | ᠵᠠᠷᠭᠤ ᠳᠤ ᠬᠤᠯᠪᠣᠭᠳᠠᠭᠰᠠᠨ ᠪᠠ ᠰᠤᠷᠪᠤᠯᠵᠢᠯᠠᠭ᠎ᠠ ᠳᠤ ᠬᠤᠯᠪᠣᠭᠳᠠᠬᠤ ᠠᠴᠠ ᠴᠢᠬᠤᠯᠠ ᠪᠤᠰᠤ ᠵᠠᠶᠢᠯᠠᠰᠬᠢᠵᠦ᠂ ︽ | ᠠᠷᠠᠳ ᠲᠦᠮᠡᠨ ᠢᠶᠠᠷ ᠭᠤᠣᠯ ᠪᠣᠯᠭᠠᠬᠤ︾ ᠠᠵᠢᠯ ᠤᠨ ᠣᠨᠣᠯᠵᠢᠬᠤᠨ ᠢ ᠭᠦᠢᠴᠡᠳ ᠢᠯᠡᠷᠡᠭᠦᠯᠬᠦ ᠬᠡᠷᠡᠭᠲᠡᠶ᠃ | ︵ᠭᠤᠷᠪᠠ︶ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ | ᠦᠨᠡᠨᠬᠦ ᠴᠢᠩᠭᠠᠳᠬᠠᠬᠤ ᠬᠡᠷᠡᠭᠲᠡᠶ᠃ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ ᠠᠷᠠᠳ ᠲᠤ ᠠᠰᠢᠭ | ᠬᠦᠷᠲᠡᠭᠡᠬᠦ ᠪᠡᠯᠡ ᠮᠥᠩᠭᠦ ᠶᠢ ᠢᠯᠡ ᠪᠣᠯᠭᠠᠬᠤ᠂ ᠢᠯᠡ ᠨᠡᠶᠢᠲᠡᠯᠡᠬᠦ ᠬᠠᠮᠢᠶ᠎ᠠ ᠪᠦᠬᠦᠢ ᠠᠵᠢᠯ ᠢ ᠦᠷᠭᠦᠯᠵᠢᠯᠡᠨ | ᠰᠠᠶᠢᠲᠤᠷ ᠬᠢᠬᠦ ᠶᠢᠨ ᠬᠠᠮᠲᠤ ᠰᠢᠶᠠᠩ ᠤᠨ ᠱᠠᠲᠤᠨ ᠳᠤ ᠬᠦᠷᠲᠡᠯ᠎ᠡ ᠦᠷᠭᠦᠯᠵᠢᠯᠡᠭᠦᠯᠬᠦ ᠶᠢᠨ ᠬᠠᠮᠲᠤ ᠲᠣᠰᠬᠤᠨ ᠤ | ᠱᠠᠲᠤᠨ ᠤ ᠪᠡᠯᠡ ᠮᠥᠩᠭᠦ ᠶᠢ ᠬᠤᠷᠢᠶᠠᠩᠭᠤᠶᠢᠯᠠᠨ ᠢᠯᠡ ᠨᠡᠶᠢᠲᠡᠯᠡᠬᠦ᠂ ᠳᠠᠩᠰᠠᠯᠠᠭᠤᠯᠬᠤ ᠠᠵᠢᠯ ᠢ ᠴᠢᠩᠭᠠᠳᠬᠠᠬᠤ | ᠬᠡᠷᠡᠭᠲᠡᠶ᠃ | ᠲᠠᠪᠤ᠂ ᠲᠠᠪᠴᠠᠩ ᠤᠨ ᠪᠠᠶᠢᠭᠤᠯᠤᠯᠲᠠ ᠶᠢᠨ ᠲᠣᠭᠤᠷᠢᠨ ᠳᠤ ᠢᠯᠡ ᠪᠣᠯᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ | ︵ᠨᠢᠭᠡ︶ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠨᠡᠶᠢᠲᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠷᠬᠡ ᠰᠦᠷᠲᠦ ᠪᠠᠷᠢᠮᠵᠢᠶ᠎ᠠ ᠶᠢᠨ ᠪᠢᠴᠢᠭᠯᠡᠭᠰᠡᠨ ᠦᠢᠯᠡᠳᠦᠯ ᠢ ᠦᠨᠡᠨᠬᠦ | ᠪᠠᠳᠠᠷᠠᠭᠤᠯᠵᠤ᠂ ᠨᠠᠶᠢᠷᠠᠭᠤᠯᠤᠨ ᠪᠢᠴᠢᠬᠦ ᠪᠠ ᠪᠡᠯᠡᠭᠯᠡᠨ ᠦᠵᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠪᠣᠳᠠᠲᠤ | ᠪᠠᠶᠢᠳᠠᠯ ᠢ ᠦᠨᠳᠦᠰᠦᠯᠡᠨ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠭᠤᠯᠭ᠎ᠠ ᠶᠢ ᠪᠠᠶᠠᠯᠢᠭᠵᠢᠭᠤᠯᠵᠤ᠂ | ᠴᠢᠬᠤᠯᠠ ᠲᠥᠷᠥ ᠶᠢᠨ ᠪᠣᠳᠣᠯᠭ᠎ᠠ ᠶᠢᠨ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠪᠣᠯᠤᠨ ᠭᠤᠤᠯᠳᠠᠯᠭ᠎ᠠ ᠲᠠᠢ | ᠬᠦᠷᠢᠶᠡᠨ ᠤ ᠴᠢᠬᠤᠯᠠ ᠪᠢᠴᠢᠭ ᠮᠠᠲ᠋ᠧᠷᠢᠶᠠᠯ ᠢ ᠰᠣᠩᠭᠤᠨ ᠨᠠᠶᠢᠷᠠᠭᠤᠯᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ | ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠡᠯᠧᠺᠳ᠋ᠷᠣᠨ ᠬᠡᠪᠯᠡᠯ ᠢ ᠨᠡᠶᠢᠲᠡᠯᠡᠬᠦ ᠠᠵᠢᠯ ᠢ ᠵᠡᠷᠭᠡᠪᠡᠷ ᠰᠠᠶᠢᠲᠤᠷ ᠬᠢᠵᠦ | ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠦᠨ᠎ᠡ᠃ | ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠪᠤᠯᠤᠩ ᠤᠨ ᠪᠠᠶᠢᠭᠤᠯᠤᠯᠲᠠ ᠶᠢ ᠴᠢᠩᠭᠠᠳᠬᠠᠨ᠎ᠠ | ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ ᠢ ᠵᠢᠷᠤᠮᠵᠢᠭᠤᠯᠵᠤ᠂ ᠮᠡᠳᠡᠭᠡ | ᠵᠠᠩᠭᠢ ᠶᠢ ᠢᠯᠡ ᠪᠣᠯᠭᠠᠬᠤ ᠳᠦᠷᠢᠮ᠂ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ᠂ ᠬᠠᠤᠯᠢ ᠪᠠᠷ | ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ᠂ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ | ᠣᠷᠳᠣᠨ ᠤ ᠰᠦᠯᠵᠢᠶᠡᠨ ᠤ ᠠᠵᠢᠯ ᠤᠨ ᠣᠨ ᠤ ᠮᠡᠳᠡᠭᠦᠯᠦᠯᠲᠡ᠂ ᠭᠤᠶᠤᠴᠢᠯᠠᠯ ᠢᠶᠠᠷ ᠢᠯᠡ ᠪᠣᠯᠭᠠᠬᠤ᠂ ᠦᠨᠳᠦᠰᠦᠨ | ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠪᠤᠯᠤᠩ ᠢ ᠲᠥᠪᠯᠡᠷᠡᠭᠦᠯᠦᠨ ᠳᠡᠯᠭᠡᠨ ᠦᠵᠡᠭᠦᠯᠵᠦ᠂ | ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠬᠠᠤᠯᠢ ᠪᠠᠷ | ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠴᠠᠭ ᠲᠤᠬᠠᠶ ᠳᠤᠨᠢ᠂ ᠲᠥᠪᠯᠡᠷᠡᠭᠦᠯᠦᠨ᠂ | ᠵᠢᠷᠤᠮᠵᠢᠭᠤᠯᠤᠨ ᠨᠡᠶᠢᠲᠡᠯᠡᠨ᠎ᠡ᠃ | ︵ᠭᠤᠷᠪᠠ ︶ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ | ᠬᠢᠨᠠᠨ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ᠂ ᠬᠠᠷᠢᠯᠴᠠᠨ ᠦᠢᠯᠡᠳᠦᠯᠴᠡᠵᠦ ᠰᠣᠯᠢᠯᠴᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ | ᠪᠠᠲᠤ ᠡᠵᠡᠮᠳᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠦᠯᠵᠢᠶ᠎ᠡ ︵ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ︶ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ᠂ ᠵᠠᠰᠠᠭ ᠤᠨ | ᠣᠷᠳᠣᠨ ᠤ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠶᠢ ᠴᠢᠩᠭᠠᠳᠬᠠᠨ᠂ ᠠᠵᠢᠯᠯᠠᠭᠤᠯᠵᠤ ᠪᠠᠲᠤᠯᠠᠬᠤ | ᠬᠠᠮᠢᠶᠠᠷᠤᠯᠲᠠ ᠶᠢᠨ ᠠᠮᠤᠷ ᠲᠦᠪᠰᠢᠨ ᠢ ᠪᠠᠲᠤᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠤ ᠰᠦᠯᠵᠢᠶᠡᠨ ᠦᠷᠲᠡᠭᠡ ᠶᠢ ᠡᠷᠴᠢᠮᠵᠢᠭᠦᠯᠦᠨ ᠦᠭᠡᠷᠡᠴᠢᠯᠡᠬᠦ ᠠᠬᠢᠴᠠ ᠶᠢ ᠲᠦᠷᠭᠡᠳᠭᠡᠵᠦ᠂ | ᠦᠪᠡᠷᠳᠡᠭᠡᠨ ᠵᠠᠰᠠᠬᠤ ᠣᠷᠣᠨ ᠤ ᠪᠦᠳᠦᠭᠡᠨ ᠪᠠᠶᠢᠭᠤᠯᠥᠯᠳᠡ ᠶᠢᠨ ᠡᠬᠦᠷᠭᠡ ᠶᠢ ᠪᠡᠶᠡᠯᠡᠬᠦᠯᠬᠦ ᠶᠢ ᠦᠨᠡᠨᠬᠦ ᠪᠠᠳᠣᠯᠠᠨ᠎ᠠ᠃ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ︵ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ︶ ᠠᠵᠢᠯ ᠤᠨ | ᠬᠦᠴᠦᠨ ᠲᠤᠬᠢᠷᠠᠭᠤᠯᠬᠤ ᠶᠢ ᠪᠠᠲᠤᠯᠠᠵᠤ᠂ ᠴᠢᠬᠤᠯᠠ ᠠᠭᠤᠯᠭ᠎ᠠ ᠶᠢ ᠣᠷᠴᠢᠭᠤᠯᠤᠨ ᠲᠠᠷᠬᠠᠭᠠᠬᠤ ᠠᠵᠢᠯ ᠢ ᠰᠠᠶᠢᠲᠤᠷ | ᠬᠢᠵᠦ᠂ ᠨᠡᠶᠢᠲᠡᠯᠡᠬᠦ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠵᠦ᠂ ᠠᠵᠢᠯ ᠤᠨ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ | ᠵᠢᠷᠭᠤᠭ᠎ᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠲᠣᠭᠤᠷᠢᠨ ᠳᠤ ᠬᠢᠨᠠᠯᠲᠠ ᠲᠠᠯᠪᠢᠵᠤ ᠪᠠᠲᠤᠯᠠᠬᠤ ᠶᠢ | ᠴᠢᠩᠭᠠᠳᠬᠠᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠡᠯ᠎ᠡ ᠭᠠᠵᠠᠷ | ᠣᠷᠣᠨ ᠨᠤᠭᠤᠳ ᠨᠢᠭᠡᠳᠦᠯᠲᠡᠶ ᠲᠥᠯᠥᠪᠵᠢᠭᠦᠯᠦᠨ᠂ ᠶᠡᠷᠦᠩᠬᠡᠶᠢᠯᠡᠨ ᠵᠣᠬᠢᠴᠠᠭᠤᠯᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠢ ᠰᠤᠳᠤᠯᠤᠨ ᠰᠢᠶ᠋ᠳᠪᠦᠷᠢᠯᠡᠬᠦ ᠬᠡᠷᠡᠭᠲᠡᠶ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠢᠯᠡ ᠪᠣᠯᠭᠠᠬᠤ ᠭᠤᠤᠯ ᠴᠣᠭᠴᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠠᠵᠢᠯᠲᠠᠨ᠂ | ᠮᠡᠷᠭᠡᠵᠢᠯ᠂ ᠲᠥᠬᠦᠭᠡᠷᠦᠮᠵᠢ᠂ ᠵᠠᠷᠤᠳᠠᠯ ᠵᠡᠷᠭᠡ ᠪᠠᠲᠤᠯᠠᠭ᠎ᠠ ᠶᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠡᠯ᠎ᠡ ᠵᠦᠢᠯ ᠤᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠳ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ᠂ ᠲᠣᠰ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠡᠭᠦᠷᠭᠡ ᠶᠢᠨ | ᠵᠠᠳᠠᠯᠤᠯᠲᠠ ᠶᠢ ᠰᠠᠶᠢᠲᠤᠷ ᠬᠢᠵᠦ᠂ ᠬᠤᠯᠪᠣᠭᠳᠠᠯ ᠪᠥᠬᠦᠶ ᠠᠵᠢᠯ ᠤᠨ ᠵᠢᠷᠤᠮᠵᠢᠯ ᠢ ᠲᠡᠭᠦᠯᠳᠡᠷᠵᠢᠭᠦᠯᠦᠨ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳᠦᠷ ᠲᠤᠲᠤᠮ ᠤᠨ | ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠵᠠᠷᠯᠠᠨ ᠮᠡᠳᠡᠭᠳᠡᠬᠦ ᠳᠤᠮᠳᠠ | ᠢᠯᠡᠷᠡᠭᠰᠡᠨ ᠠᠰᠠᠭᠤᠳᠠᠯ ᠢ ᠲᠦᠷᠭᠡᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠠᠭ ᠲᠤᠬᠠᠶ ᠳᠤᠨᠢ ᠬᠠᠷᠢᠭᠤ | ᠲᠤᠰᠬᠠᠬᠤ ᠬᠡᠷᠡᠭᠲᠡᠶ᠃ ᠡᠭᠦᠨ ᠤ ᠬᠠᠮᠲᠤ᠂ ᠠᠵᠢᠯ ᠤᠨ ᠡᠭᠦᠷᠭᠡ ᠵᠢᠴᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠤ ᠣᠷᠣᠭᠤᠯᠤᠨ ᠢᠯᠡ ᠪᠣᠯᠭᠠᠨ᠎ᠠ᠃ | | 2023 ᠣᠨ ᠤ 7 ᠰᠠᠷ᠎ᠠ ᠶᠢᠨ 13 ᠤ ᠡᠳᠦᠷ |