ᠳᠠᠩᠰᠠ ᠡᠪᠬᠡᠮᠡᠯ ᠤᠨ ᠮᠠᠲ᠋ᠧᠷᠢᠶᠠᠯ ᠢ ᠢᠷᠡᠵᠦ  ᠪᠠᠶᠢᠴᠠᠭᠠᠨ ᠯᠠᠪᠯᠠᠬᠤ ᠦᠢᠯᠡᠴᠢᠯᠡᠭᠡ
ᠨᠡᠶᠢᠲᠡᠯᠡᠭᠰᠡᠨ ᠴᠠᠭ᠄
2024/9/12
  ᠭᠦᠢᠴᠡᠳᠭᠡᠬᠦ ᠭᠠᠵᠠᠷ ᠄ ᠯᠢᠶᠠᠩᠴᠧᠩ ᠰᠢᠶᠠᠨ ᠤ ᠴᠢᠩ ᠯᠢᠨ ᠵᠡᠭᠡᠯᠢ ᠶᠢᠨ ᠵᠠᠰᠠᠭ ᠤᠨ ᠣᠷᠳᠤᠨ ᠤ ᠲᠣᠮᠤ ᠠᠰᠠᠷ ᠤᠨ ᠨᠢᠭᠡᠳᠦᠭᠡᠷ ᠳᠠᠪᠬᠤᠷᠯᠢᠭ ᠤᠨ ᠳᠠᠩᠰᠠ ᠡᠪᠬᠡᠮᠡᠯ ᠤᠨ ᠲᠣᠪᠴᠢᠶ᠎ᠠ ᠶᠢᠨ 119 ᠭᠡᠷ    ᠭᠦᠢᠴᠡᠳᠭᠡᠬᠦ ᠴᠠᠭ ᠄  ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 9᠄ 00-12 ᠄ 00 ᠦᠳᠡ ᠶᠢᠨ ᠬᠤᠶᠢᠨ᠎ᠠ 14᠄ 30-1800    ᠰᠦᠢᠳᠬᠡᠯ ᠬᠤᠷᠢᠶᠠᠬᠤ ᠮᠡᠳᠡᠭᠡ ᠵᠠᠩᠭᠢ᠄ ᠲᠤᠰ ᠶᠠᠪᠤᠳᠠᠯ ᠨᠢ ᠰᠦᠢᠳᠬᠡᠯ ᠬᠤᠷᠢᠶᠠᠬᠤ ᠦᠭᠡᠢ    ᠬᠦᠯᠢᠶᠡᠨ ᠠᠪᠴᠤ ᠰᠢᠢᠳᠪᠦᠷᠢᠯᠡᠬᠦ ᠨᠦᠬᠦᠴᠡᠯ᠄ ᠦᠭᠡᠢ    ᠪᠠᠶᠢᠷᠢᠯᠠᠭᠤᠯᠤᠭᠰᠠᠨ ᠦᠨᠳᠦᠰᠦ ᠪᠠᠷᠢᠮᠲᠠ    【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾ ᠶᠢᠨ ᠨᠠᠢᠮᠠᠳᠤᠭᠠᠷ ᠵᠦᠢᠯ ᠳᠤ ︽ᠤᠯᠤᠰ ᠤᠨ ᠲᠠᠩᠰᠠ ᠡᠪᠬᠡᠮᠡᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠥᠬᠦ ᠤᠯᠤᠰ ᠤᠨ ᠲᠠᠩᠰᠠ ᠡᠪᠬᠡᠮᠡᠯ ᠤᠨ ᠠᠵᠢᠯ ᠢ ᠭᠤᠤᠯᠴᠢᠯᠠᠨ ᠬᠠᠮᠢᠶᠠᠷᠴᠤ᠂ ᠪᠥᠬᠦ ᠤᠯᠤᠰ ᠤᠨ ᠲᠠᠩᠰᠠ ᠡᠪᠬᠡᠮᠡᠯ ᠤᠨ ᠦᠢᠯᠡᠰ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠨᠢᠭᠡᠳᠦᠯᠲᠡᠶ ᠲᠦᠷᠢᠮ ᠢ ᠪᠠᠶᠢᠭᠤᠯᠤᠨ᠂ ᠬᠢᠨᠠᠯᠲᠠ ᠲᠠᠯᠪᠢᠬᠤ ᠪᠠ ᠵᠢᠯᠣᠭᠤᠳᠬᠤ ᠶᠢ ᠬᠡᠷᠡᠭᠵᠢᠭᠦᠯᠦᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠳᠠᠩᠰᠠ ᠡᠪᠬᠡᠮᠡᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠳᠠᠩᠰᠠ ᠡᠪᠬᠡᠮᠡᠯ ᠤᠨ ᠠᠵᠢᠯ ᠢ ᠭᠤᠤᠯᠴᠢᠯᠠᠨ ᠬᠠᠮᠢᠶᠠᠷᠴᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠬᠤ ᠪᠠ ᠵᠢᠭᠠᠨ ᠵᠢᠯᠣᠭᠤᠳᠬᠤ ᠶᠢ ᠬᠡᠷᠡᠭᠵᠢᠭᠦᠯᠬᠦ ᠬᠡᠷᠡᠭᠲᠡᠶ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠵᠢᠯᠲᠠᠨ ᠵᠢᠭᠠᠨ ᠲᠣᠭᠲᠠᠭᠠᠵᠤ ᠲᠤᠰ ᠪᠠᠶᠢᠭᠤᠯᠭ᠎ᠠ ᠶᠢᠨ ᠳᠠᠩᠰᠠ ᠡᠪᠬᠡᠮᠡᠯ ᠢ ᠬᠠᠷᠢᠭᠤᠴᠠᠭᠤᠯᠬᠤ ᠶᠢᠨ ᠬᠠᠮᠲᠤ ᠬᠠᠷᠢᠶ᠎ᠠ ᠨᠢᠭᠡᠴᠢ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠵᠡᠷᠭᠡ ᠶᠢᠨ ᠳᠠᠩᠰᠠ ᠡᠪᠬᠡᠮᠡᠯ ᠤᠨ ᠠᠵᠢᠯ ᠳᠤ ᠬᠢᠨᠠᠯᠲᠠ ᠲᠠᠯᠪᠢᠬᠤ ᠪᠠ ᠵᠢᠭᠠᠨ ᠵᠢᠯᠣᠭᠤᠳᠬᠤ ᠬᠡᠷᠡᠭᠲᠡᠶ︾ ᠬᠡᠵᠡᠢ᠃    2. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾ ᠶᠢᠨ ᠬᠤᠷᠢᠨ ᠨᠠᠢᠮᠠᠳᠤᠭᠠᠷ ᠵᠦᠢᠯ ᠳᠤ᠂ ︽ᠲᠠᠩᠰᠠ ᠡᠪᠬᠡᠮᠡᠯ ᠤᠨ ᠭᠠᠵᠠᠷ ᠨᠢ ᠲᠡᠭᠦᠨ ᠤ ᠰᠦᠯᠵᠢᠶ᠎ᠡ ᠪᠤᠶᠤ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠩᠰᠠ ᠡᠪᠬᠡᠮᠡᠯ ᠢ ᠴᠢᠯᠥᠭᠡᠲᠡᠶ ᠨᠡᠭᠡᠭᠡᠬᠦ ᠭᠠᠷᠴᠠᠭ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠠᠩᠰᠠ ᠡᠪᠬᠡᠮᠡᠯ ᠢ ᠠᠰᠢᠭᠯᠠᠬᠤ ᠳᠤ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠦᠨ ᠥᠭᠴᠦ᠂ ᠭᠠᠷᠳᠠᠮ ᠢ ᠳᠥᠭᠦᠮᠴᠢᠯᠡᠵᠦ᠂ ᠲᠥᠬᠦᠮ ᠦᠵᠡᠭᠦᠯᠬᠦ ᠬᠡᠷᠡᠭᠲᠡᠶ ᠭᠡᠵᠦ ᠲᠣᠭᠲᠠᠭᠠᠵᠠᠶ᠃ ᠨᠢᠭᠡᠴᠡ ᠪᠠ ᠬᠤᠪᠢ ᠬᠥᠮᠦᠨ ᠤ ᠬᠠᠤᠯᠢ ᠶᠣᠰᠣᠨ ᠤ ᠭᠡᠷᠡᠴᠢ ᠲᠠᠢ ᠪᠣᠯ ᠨᠢᠭᠡᠨᠲᠡ ᠴᠢᠯᠥᠭᠡᠲᠡᠶ ᠲᠠᠯᠪᠢᠭᠰᠠᠨ ᠳᠠᠩᠰᠠ ᠡᠪᠬᠡᠮᠡᠯ ᠢ ᠠᠰᠢᠭᠯᠠᠵᠤ ᠪᠣᠯᠤᠨ᠎ᠠ᠃ ᠳᠠᠩᠰᠠ ᠡᠪᠬᠡᠮᠡᠯ ᠤᠨ ᠰᠠᠩ ᠨᠢ ᠲᠣᠭᠲᠠᠭᠠᠯ ᠶᠣᠰᠣᠭᠠᠷ ᠴᠢᠯᠥᠭᠡᠲᠡᠶ ᠨᠡᠭᠡᠭᠡᠵᠦ ᠠᠰᠢᠭᠯᠠᠭᠰᠠᠨ ᠦᠭᠡᠶ ᠪᠣᠯ ᠨᠢᠭᠡᠴᠡ ᠪᠠ ᠬᠤᠪᠢ ᠬᠥᠮᠦᠨ ᠨᠢ ᠳᠠᠩᠰᠠ ᠡᠪᠬᠡᠮᠡᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ ᠪᠣᠯᠤᠨ᠎ᠠ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠩᠰᠠ ᠡᠪᠬᠡᠮᠡᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ ᠲᠤᠬᠠᠶ ᠳᠤᠨᠢ ᠪᠠᠶᠢᠴᠠᠭᠠᠨ ᠰᠢᠶ᠋ᠳᠪᠦᠷᠢᠯᠡᠬᠦ ᠶᠢᠨ ᠬᠠᠮᠲᠤ ᠰᠢᠶ᠋ᠳᠪᠦᠷᠢᠯᠡᠭᠰᠡᠨ ᠦᠷ᠎ᠡ ᠳ᠋ᠦᠩ ᠢᠶᠠᠨ ᠵᠠᠭᠠᠯᠳᠤᠭᠴᠢ ᠳᠤ ᠮᠡᠳᠡᠭᠳᠡᠬᠦ ᠬᠡᠷᠡᠭᠲᠡᠶ᠃ ᠳᠠᠩᠰᠠ ᠡᠪᠬᠡᠮᠡᠯ ᠢ ᠠᠰᠢᠭᠯᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠬᠤᠪᠢ ᠬᠥᠮᠦᠨ ᠤ ᠮᠡᠳᠡᠭᠡ ᠵᠠᠩᠭᠢ ᠲᠠᠢ ᠬᠤᠯᠪᠣᠭᠳᠠᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠶ︾ ᠬᠡᠵᠡᠢ᠃    3. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠠᠷᠭ᠎ᠠ︾ ᠶᠢᠨ ᠬᠤᠷᠢᠨ ᠨᠢᠭᠡᠳᠦᠭᠡᠷ ᠵᠦᠢᠯ ᠳᠤ᠂ ︽ᠲᠠᠩᠰᠠ ᠡᠪᠬᠡᠮᠡᠯ ᠤᠨ ᠬᠠᠤᠯᠢ︾ ᠳᠤ ᠬᠡᠯᠡᠵᠦ ᠪᠠᠶᠢᠭ᠎ᠠ ᠲᠠᠩᠰᠠ ᠡᠪᠬᠡᠮᠡᠯ ᠢ ᠠᠰᠢᠭᠯᠠᠬᠤ ᠭᠡᠳᠡᠭ ᠨᠢ ᠲᠠᠩᠰᠠ ᠡᠪᠬᠡᠮᠡᠯ ᠢ ᠤᠩᠰᠢᠬᠤ᠂ ᠪᠠᠭᠤᠯᠭᠠᠬᠤ ᠪᠠ ᠲᠡᠭᠦᠨ ᠢ ᠨᠢ ᠵᠢᠭᠠᠵᠤ ᠪᠠᠶᠢᠨ᠎ᠠ ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠪᠠ ᠵᠣᠬᠢᠶᠠᠨ ᠪᠠᠶᠢᠭᠤᠯᠤᠯᠲᠠ ᠲᠠᠨᠢᠯᠴᠠᠭᠤᠯᠭ᠎ᠠ ᠶᠢᠨ ᠪᠢᠴᠢᠭ ᠪᠤᠶᠤ ᠠᠵᠢᠯ ᠤᠨ ᠦᠨᠡᠮᠯᠡᠯ᠂ ᠪᠡᠶ᠎ᠡ ᠶᠢᠨ ᠦᠨᠡᠮᠯᠡᠯ ᠵᠡᠷᠭᠡ ᠬᠠᠤᠯᠢ ᠶᠣᠰᠣᠨ ᠤ ᠭᠡᠷᠡᠴᠢ ᠲᠠᠢ ᠪᠣᠯ ᠨᠢᠭᠡᠨᠲᠡ ᠨᠡᠭᠡᠭᠡᠭᠰᠡᠨ ᠳᠠᠩᠰᠠ ᠡᠪᠬᠡᠮᠡᠯ ᠢ ᠠᠰᠢᠭᠯᠠᠵᠤ ᠪᠣᠯᠤᠨ᠎ᠠ᠃ ᠭᠠᠳᠠᠭᠠᠳᠤ ᠶᠢᠨ ᠬᠥᠮᠦᠨ ᠪᠤᠶᠤ ᠭᠠᠳᠠᠭᠠᠳᠤ ᠤᠯᠤᠰ ᠤᠨ ᠵᠣᠬᠢᠶᠠᠨ ᠪᠠᠶᠢᠭᠤᠯᠤᠯᠲᠠ ᠳᠤᠮᠳᠠᠳᠤ ᠤᠯᠤᠰ ᠤᠨ ᠨᠢᠭᠡᠨᠲᠡ ᠨᠡᠭᠡᠭᠡᠯᠲᠡ ᠬᠢᠭᠰᠡᠨ ᠳᠠᠩᠰᠠ ᠡᠪᠬᠡᠮᠡᠯ ᠢ ᠠᠰᠢᠭᠯᠠᠬᠤ ᠳᠤ᠂ ᠳᠤᠮᠳᠠᠳᠤ ᠤᠯᠤᠰ ᠤᠨ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠵᠢᠴᠢ ᠲᠤᠰ ᠳᠠᠩᠰᠠ ᠡᠪᠬᠡᠮᠡᠯ ᠢ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠤᠨ ᠰᠠᠩ ᠢᠶᠠᠷ ᠵᠥᠪᠰᠢᠶᠡᠷᠡᠭᠦᠯᠬᠦ ᠬᠡᠷᠡᠭᠲᠡᠶ᠃ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠵᠢᠴᠢ ᠳᠤᠮᠳᠠᠳᠤ ᠤᠯᠤᠰ ᠤᠨ ᠠᠷᠠᠳ ᠢᠷᠭᠡᠳ ᠤᠨ ᠳᠠᠩᠰᠠ ᠡᠪᠬᠡᠮᠡᠯ ᠤᠨ ᠰᠠᠩ ᠤᠨ ᠬᠠᠳᠠᠭᠠᠯᠠᠵᠤ ᠪᠠᠶᠢᠭ᠎ᠠ ᠨᠡᠭᠡᠭᠡᠵᠦ ᠲᠠᠯᠪᠢᠭᠠᠳᠤᠶ ᠳᠠᠩᠰᠠ ᠡᠪᠬᠡᠮᠡᠯ ᠢ ᠡᠷᠬᠡᠪᠰᠢ ᠲᠤᠰ ᠳᠠᠩᠰᠠ ᠡᠪᠬᠡᠮᠡᠯ ᠢ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠤᠨ ᠰᠠᠩ ᠢᠶᠠᠷ ᠵᠥᠪᠰᠢᠶᠡᠷᠡᠭᠦᠯᠬᠦ ᠬᠡᠷᠡᠭᠲᠡᠶ᠂ ᠴᠢᠬᠤᠯᠠ ᠲᠠᠢ  ᠦᠶ᠎ᠡ ᠳᠤ ᠪᠠᠰᠠ ᠬᠤᠯᠪᠣᠭᠳᠠᠯ ᠪᠦᠬᠦᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠃ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠪᠠᠶᠢᠭᠤᠯᠤᠮᠵᠢ ᠶᠢᠨ ᠬᠠᠳᠠᠭᠠᠯᠠᠵᠤ ᠪᠠᠶᠢᠭ᠎ᠠ ᠳᠠᠩᠰᠠ ᠡᠪᠬᠡᠮᠡᠯ ᠤᠨ ᠰᠠᠩ ᠳᠤ ᠬᠠᠷᠠᠬᠠᠨ ᠰᠢᠯᠵᠢᠭᠦᠯᠦᠨ ᠲᠤᠰᠢᠶᠠᠭᠠᠳᠤᠶ ᠳᠠᠩᠰᠠ ᠡᠪᠬᠡᠮᠡᠯ ᠢ ᠪᠤᠰᠤᠳ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠵᠣᠬᠢᠶᠠᠨ ᠪᠠᠶᠢᠭᠤᠯᠤᠯᠲᠠ ᠵᠢᠴᠢ ᠳᠤᠮᠳᠠᠳᠤ ᠤᠯᠤᠰ ᠤᠨ ᠠᠷᠠᠳ ᠢᠷᠭᠡᠨ ᠠᠰᠢᠭᠯᠠᠬᠤ ᠴᠢᠬᠤᠯᠠ ᠲᠠᠢ ᠪᠣᠯ ᠡᠷᠬᠡᠪᠰᠢ ᠳᠠᠩᠰᠠ ᠡᠪᠬᠡᠮᠡᠯ ᠢ ᠬᠠᠳᠠᠭᠠᠯᠠᠬᠤ ᠨᠢᠭᠡᠴᠡ ᠪᠠᠷ ᠵᠥᠪᠰᠢᠶᠡᠷᠡᠭᠦᠯᠬᠦ ᠬᠡᠷᠡᠭᠲᠡᠶ᠃ ᠡᠯ᠎ᠡ ᠱᠠᠲᠤᠨ ᠤ ᠡᠯ᠎ᠡ ᠲᠥᠷᠥᠯ ᠤᠨ ᠳᠠᠩᠰᠠ ᠡᠪᠬᠡᠮᠡᠯ ᠤᠨ ᠰᠠᠩ ᠨᠢ ᠨᠡᠶᠢᠭᠡᠮ ᠤᠨ ᠬᠢᠨ ᠤ ᠳᠠᠩᠰᠠ ᠡᠪᠬᠡᠮᠡᠯ ᠢ ᠠᠰᠢᠭᠯᠠᠬᠤ ᠳᠤ ᠳᠥᠭᠦᠮ ᠨᠥᠬᠦᠴᠡᠯ ᠡᠭᠦᠳᠴᠦ ᠥᠭᠬᠦ ᠬᠡᠷᠡᠭᠲᠡᠶ᠃ ᠨᠡᠶᠢᠭᠡᠮ ᠨᠡᠶᠢᠲᠡ ᠶᠢᠨ ᠠᠰᠢᠭᠯᠠᠬᠤ ᠳᠠᠩᠰᠠ ᠡᠪᠬᠡᠮᠡᠯ ᠢ ᠬᠠᠩᠭᠠᠬᠤ ᠳᠤ ᠲᠣᠭᠲᠠᠭᠠᠯ ᠶᠣᠰᠣᠭᠠᠷ ᠰᠦᠢᠳᠬᠡᠯ ᠬᠤᠷᠢᠶᠠᠵᠤ ᠪᠣᠯᠤᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠶᠢ ᠤᠯᠤᠰ ᠤᠨ ᠳᠠᠩᠰᠠ ᠡᠪᠬᠡᠮᠡᠯ ᠤᠨ ᠲᠣᠪᠴᠢᠶ᠎ᠠ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃   ᠦᠷᠭᠦᠯᠵᠢ ᠳᠤᠬᠢᠶᠠᠯᠳᠤᠬᠤ ᠠᠰᠠᠭᠤᠳᠠᠯ᠄ ᠲᠦᠷ ᠲᠣᠬᠢᠶᠠᠯᠳᠤᠬᠤ ᠠᠰᠠᠭᠤᠳᠠᠯ ᠦᠭᠡᠢ    ᠬᠡᠷᠪᠡ ᠮᠠᠳᠠᠭ ᠲᠠᠢ ᠪᠣᠯ ᠤᠲᠠᠰᠤ ᠪᠠᠷ ᠠᠰᠠᠭᠤᠨ ᠯᠠᠪᠯᠠᠬᠤ ᠪᠤᠶᠤ ᠰᠦᠯᠵᠢᠶᠡᠨ ᠤ ᠥᠷᠲᠡᠭᠡ ᠶᠢᠨ ᠲᠦᠷᠦᠭᠦᠤ ᠨᠢᠭᠤᠷ ᠤᠨ ᠪᠠᠷᠠᠭᠤᠨ ᠲᠠᠯ᠎ᠠ ᠶᠢᠨ ︽ᠤᠶᠤᠨᠲᠤ ᠵᠣᠴᠢᠳ ᠤᠨ ᠦᠢᠯᠡᠴᠢᠯᠡᠭᠡ︾ ᠶᠢ ᠳᠣᠬᠢᠵᠤ ᠠᠰᠠᠭᠤᠨ ᠯᠠᠪᠯᠠᠭᠠᠷᠠᠢ    ᠲᠦᠷ ᠲᠣᠬᠢᠶᠠᠯᠳᠤᠬᠤ ᠠᠰᠠᠭᠤᠳᠠᠯ ᠦᠭᠡᠢ    ᠬᠡᠷᠪᠡ ᠮᠠᠳᠠᠭ ᠲᠠᠢ ᠪᠣᠯ ᠤᠲᠠᠰᠤ ᠪᠠᠷ ᠠᠰᠠᠭᠤᠨ ᠯᠠᠪᠯᠠᠬᠤ ᠪᠤᠶᠤ ᠰᠦᠯᠵᠢᠶᠡᠨ ᠤ ᠥᠷᠲᠡᠭᠡ ᠶᠢᠨ ᠲᠦᠷᠦᠭᠦᠤ ᠨᠢᠭᠤᠷ ᠤᠨ ᠪᠠᠷᠠᠭᠤᠨ ᠲᠠᠯ᠎ᠠ ᠶᠢᠨ ︽ᠤᠶᠤᠨᠲᠤ ᠵᠣᠴᠢᠳ ᠤᠨ ᠦᠢᠯᠡᠴᠢᠯᠡᠭᠡ︾ ᠶᠢ ᠳᠣᠬᠢᠵᠤ ᠠᠰᠠᠭᠤᠨ ᠯᠠᠪᠯᠠᠭᠠᠷᠠᠢ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2