ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ | ᠰᠠᠨᠠᠭ᠎ᠠ ᠪᠣᠯᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠲᠤᠬᠠᠶ ︽ᠳᠥᠷᠪᠡ ᠶᠢ ᠪᠠᠷᠢᠮᠲᠠᠯᠠᠬᠤ︾ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ | ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠤᠬᠠᠭᠤᠯᠤᠨ ᠲᠦᠭᠡᠮᠡᠯᠵᠢᠭᠦᠯᠵᠦ᠂ | ᠪᠥᠬᠦ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 9 | ᠰᠠᠷ᠎ᠠ ᠶᠢᠨ 9 ᠤ ᠡᠳᠦᠷ᠂ ᠮᠠᠨ ᠤ ᠰᠢᠶᠠᠨ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ | ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠣᠯᠭᠠᠭᠰᠠᠨ | ᠯᠢᠶᠠᠩᠴᠧᠩ ᠰᠢᠶᠠᠨ ᠤ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠭᠠᠷᠠᠭ ᠤᠨ ᠡᠬᠢᠯᠡᠯᠲᠡ ᠶᠢᠨ ᠶᠣᠰᠣᠯᠠᠯ ᠢ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠵᠡᠷᠭᠡ ᠨᠢᠭᠡᠴᠡ ᠶᠢᠨ ᠠᠵᠢᠯᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ᠂ ᠵᠠᠷᠯᠠᠯ ᠨᠠᠭᠠᠬᠤ᠂ ᠬᠥᠨᠳᠡᠯᠡᠨ | ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠶᠢ ᠠᠰᠢᠭᠯᠠᠨ ᠬᠠᠷᠢᠶ᠎ᠠ | ᠣᠷᠣᠨ ᠤ ᠪᠠᠨ ᠰᠠᠭᠤᠭᠠᠯᠢ ᠠᠷᠠᠳ ᠲᠤ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ | ᠲᠦᠭᠡᠮᠡᠯᠵᠢᠭᠦᠯᠵᠦ᠂ ᠤᠯᠠᠨ ᠲᠦᠮᠡᠨ ᠳᠤ ᠡᠭᠡᠳᠡᠷᠡᠭᠡᠨ ᠪᠤᠳᠤᠯᠢᠶᠠᠨᠲᠠᠢ ᠰᠦᠯᠵᠢᠶᠡᠨ ᠤ ᠮᠡᠳᠡᠭᠡ ᠵᠠᠩᠭᠢ ᠶᠢᠨ ᠡᠮᠦᠨ᠎ᠡ | ᠮᠠᠭᠤ ᠪᠠ ᠬᠤᠳᠠᠯ ᠬᠠᠭᠤᠷᠮᠠᠭ ᠬᠤᠣᠷ ᠬᠥᠨᠥᠭᠡᠯ ᠲᠠᠢ ᠰᠦᠯᠵᠢᠶᠡᠨ ᠤ ᠮᠡᠳᠡᠭᠡ ᠵᠠᠩᠭᠢ ᠶᠢ ᠡᠷᠡᠰ ᠬᠤᠷᠢᠭᠯᠠᠵᠤ᠂ | ᠰᠦᠯᠵᠢᠶᠡᠨ ᠤ ᠪᠣᠯᠪᠠᠰᠤᠨ ᠤ ᠰᠠᠨᠠᠭᠠᠴᠢᠯᠠᠭᠴᠢ ᠪᠠ ᠤᠯᠠᠮᠵᠢᠯᠠᠭᠴᠢ ᠪᠣᠯᠬᠤ ᠶᠢ ᠰᠠᠨᠠᠭᠤᠯᠪᠠ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠲᠠᠳ ᠪᠠᠰᠠ ᠨᠡᠶᠢᠭᠡᠮ ᠲᠣᠭᠤᠷᠢᠭ᠂ | ᠰᠤᠷᠭᠠᠭᠤᠯᠢ᠂ ᠠᠵᠤ ᠠᠬᠤᠶᠢᠯᠠᠯ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠲᠤ ᠭᠦᠨᠵᠡᠭᠡᠶᠢᠷᠡᠨ᠂ ᠶᠠᠷᠢᠯᠴᠠᠨ | ᠰᠣᠯᠢᠯᠴᠠᠬᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠭᠯᠠᠨ ᠪᠢᠴᠢᠬᠦ ᠵᠡᠷᠭᠡ ᠠᠷᠭ᠎ᠠ ᠮᠠᠶ᠋ᠢᠭ ᠢᠶᠠᠷ | ᠤᠬᠠᠭᠤᠯᠭ᠎ᠠ ᠬᠥᠮᠦᠵᠢᠯ ᠬᠢᠵᠦ᠂ ᠣᠯᠠᠨ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠳᠤ | ᠬᠠᠮᠲᠤ ᠪᠠᠷ ᠣᠷᠣᠯᠴᠠᠵᠤ᠂ ᠪᠣᠯᠬᠢ ᠪᠦᠳᠦᠭᠦᠯᠢᠭ ᠮᠡᠳᠡᠭᠡ ᠵᠠᠩᠭᠢ ᠪᠠ ᠬᠠᠤᠯᠢ ᠠᠴᠠ ᠵᠥᠷᠢᠴᠡᠭᠰᠡᠨ ᠬᠤᠳᠠᠯ | ᠬᠠᠭᠤᠷᠮᠠᠭ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠦᠯᠵᠢᠶᠡᠨ ᠤ ᠰᠠᠶᠢᠨ ᠰᠠᠶᠢᠬᠠᠨ | ᠣᠷᠣᠨ ᠵᠠᠶ ᠶᠢ ᠬᠠᠮᠲᠤ ᠪᠠᠷ ᠬᠠᠮᠠᠭᠠᠯᠠᠬᠤ ᠶᠢ ᠤᠷᠢᠶᠠᠯᠠᠪᠠ᠃ | | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 5 ᠤᠬᠠᠭᠤᠯᠭ᠎ᠠ ᠶᠢᠨ ᠰᠠᠮᠪᠠᠷ᠎ᠠ ᠵᠣᠬᠢᠶᠠᠵᠤ᠂ | 7 ᠤᠬᠠᠭᠤᠯᠭ᠎ᠠ ᠶᠢᠨ ᠤᠷᠢᠶ᠎ᠠ ᠡᠯᠭᠦᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ | ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ | ᠠᠮᠤᠷ ᠲᠦᠪᠰᠢᠨ ᠤ ᠬᠠᠤᠯᠢ︾᠂ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠲᠦᠷᠢᠮ︾ ︽ | ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠶ ᠶᠢ ᠵᠠᠰᠠᠬᠤ ᠲᠣᠭᠲᠠᠭᠠᠯ︾ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ 5000 ᠭᠠᠷᠤᠶ ᠬᠤᠪᠢ ᠲᠠᠷᠬᠠᠭᠠᠵᠤ᠂ ᠠᠰᠠᠭᠤᠯᠲᠠ ᠶᠢᠨ ᠬᠠᠭᠤᠳᠠᠰᠤ ᠶᠢᠨ | ᠪᠠᠶᠢᠴᠠᠭᠠᠯᠲᠠ ᠶᠢ 200 ᠬᠤᠪᠢ ᠲᠠᠷᠬᠠᠭᠠᠵᠤ᠂ ᠣᠯᠠᠨ ᠲᠦᠮᠡᠨ ᠤ ᠲᠤᠬᠠᠶ ᠶᠢᠨ ᠲᠠᠯᠠᠪᠤᠷ ᠲᠤ 800 ᠭᠠᠷᠤᠶ | ᠬᠥᠮᠦᠨ ᠤᠳᠠᠭ᠎ᠠ ᠠᠰᠠᠭᠤᠨ ᠯᠠᠪᠯᠠᠬᠤ ᠶᠢ ᠬᠦᠯᠢᠶᠡᠪᠡ᠃ ᠤᠬᠠᠭᠤᠯᠭ᠎ᠠ ᠪᠠᠷ ᠳᠠᠮᠵᠢᠭᠤᠯᠤᠨ᠂ ᠠᠷᠠᠳ ᠣᠯᠠᠨ ᠤ | ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠰᠦᠯᠵᠢᠶᠡᠨ ᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ︽ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ | ᠲᠦᠪᠰᠢᠨ ᠢ ᠠᠷᠠᠳ ᠲᠦᠮᠡᠨ ᠳᠤ ᠲᠦᠰᠢᠭᠯᠡᠬᠦ︾᠂ ︽ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ | ᠠᠰᠢᠭ ᠬᠦᠷᠲᠡᠭᠡᠵᠦ᠂ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠬᠦ | ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠠᠤᠯᠢ ᠶᠣᠰᠣᠭᠠᠷ ᠰᠦᠯᠵᠢᠶᠡᠨ ᠳᠤ ᠭᠠᠷᠬᠤ᠂ | ᠡᠷᠡᠭᠦᠯ ᠮᠡᠨᠳᠦ ᠪᠠᠷ ᠰᠦᠯᠵᠢᠶᠡᠨ ᠳᠤ ᠬᠡᠷᠡᠭᠯᠡᠬᠦ᠂ ᠪᠥᠬᠦ ᠠᠷᠠᠳ ᠢᠶᠠᠷ ᠢᠶᠠᠨ ᠲᠣᠣᠷ ᠢ ᠬᠠᠮᠠᠭᠠᠯᠠᠬᠤ ᠳᠤ ᠢᠳᠡᠪᠬᠢᠲᠡᠶ | ᠠᠬᠢᠭᠤᠯᠬᠤ ᠦᠢᠯᠡᠳᠦᠯ ᠦᠵᠡᠭᠦᠯᠪᠡ᠃ | ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠡᠯ᠎ᠡ ᠬᠠᠮᠢᠶ᠎ᠠ ᠪᠦᠬᠦᠢ ᠨᠢᠭᠡᠴᠡ ᠪᠠᠰᠠ ᠰᠤᠷᠭᠠᠭᠤᠯᠢ ᠶᠢᠨ | ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠲᠦᠷᠢᠮ ᠤᠨ ᠡᠳᠦᠷ᠂ ᠮᠥᠩᠭᠦᠨ ᠭᠦᠢᠯᠭᠡᠭᠡᠨ ᠤ | ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ | ᠭᠤᠣᠯ ᠰᠡᠳᠦᠪᠲᠦ ᠡᠳᠦᠷ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠣᠯᠤᠨ᠎ᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |