ᠮᠠᠨ ᠤ ᠰᠢᠶᠠᠨ 24 ᠳ᠋ᠦ᠋ᠭᠡᠷ  ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/22
   9 ᠰᠠᠷ᠎ᠠ ᠶᠢᠨ 21᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠳ᠋ᠠᠢ ᠬᠠ ᠠᠭᠤᠳᠠᠮ ᠲᠠᠯᠠᠪᠠᠶ ᠳᠤ ︽ᠬᠠᠤᠯᠢ ᠶᠣᠰᠣᠭᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠵᠦ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ︾᠎ ᠪᠠᠷ ᠭᠤᠤᠯ ᠰᠡᠳᠦᠪ ᠪᠣᠯᠭᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠲᠠᠳ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠢᠭᠤᠷᠳᠠᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠢ ᠬᠠᠯᠠᠮᠵᠢᠯᠠᠨ ᠳᠡᠮᠵᠢᠬᠦ ᠶᠢ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠰᠤᠷᠤᠯᠴᠠᠬᠤ ᠳᠤ ᠬᠠᠮᠲᠤ ᠪᠠᠷ ᠣᠷᠣᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠣᠯᠣᠳ ᠴᠠᠭᠠᠨ ᠬᠡᠷᠡᠮ ᠢ ᠬᠠᠮᠲᠤ ᠪᠠᠷ ᠴᠣᠭᠴᠠᠯᠠᠵᠤ᠂ ᠬᠦᠴᠦᠷᠬᠡᠭ ᠶᠡᠭᠡ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠪᠡ᠃ ᠡᠭᠦᠨ ᠤ ᠬᠠᠮᠲᠤ ᠤᠯᠠᠨ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠢᠯᠭᠠᠨ ᠲᠠᠨᠢᠭᠤᠯᠪᠠ᠃
    ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢ ᠶᠠᠨ ᠰᠢᠶᠠᠩ ᠳ᠋ᠦᠩ    ᠡᠨᠡ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠢᠬᠤᠯᠠ ᠴᠢᠨᠠᠷ ᠢ ᠲᠠᠨᠢᠵᠤ᠂ ᠬᠤᠶᠢᠰᠢᠳᠠ ᠶᠢᠨ ᠰᠤᠷᠤᠯᠴᠠᠯᠭ᠎ᠠ ᠶᠢᠨ ᠳᠤᠮᠳᠠ᠂ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠰᠤᠷᠤᠯᠴᠠᠯᠭ᠎ᠠ ᠶᠢ ᠨᠠᠩ ᠴᠢᠬᠤᠯᠠᠴᠢᠯᠠᠬᠤ ᠪᠣᠯᠤᠨ᠎ᠠ᠃
       ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠱᠢ ᠯᠢ ᠰᠢᠶᠠ    ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠂ ᠤᠯᠤᠰ ᠣᠷᠣᠨ ᠤ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠪᠦᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠨᠢ ᠴᠢᠩᠭᠠᠳᠬᠠᠵᠤ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠨᠢ ᠲᠠᠰᠤᠷᠠᠯᠲᠠ ᠦᠭᠡᠢ ᠴᠢᠩᠭᠠᠳᠬᠠᠨ᠎ᠠ᠃
      ᠠᠵᠢᠯᠯᠠᠭ᠎ᠠ ᠶᠢᠨ ᠬᠤᠭᠤᠴᠠᠭᠠᠨ ᠳᠤ᠂ ᠤᠯᠠᠭᠠᠨᠮᠥ᠋ᠴᠢᠷ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃                                              ᠨᠠᠶᠢᠷᠠᠭᠤᠯᠤᠭᠴᠢ᠄   ᠴᠧᠨ ᠰᠢᠶᠤᠤ ᠵᠢᠤᠸᠠᠨ                                              ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2