ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠠᠩᠬᠠᠳᠤᠭᠠᠷ ᠬᠤᠭᠤᠴᠠᠭᠠᠨ ᠤ ᠵᠢᠯᠣᠭᠤᠴᠢ ᠥᠬᠡᠶ ᠨᠢᠰᠬᠡᠯ ᠤᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/9/22
 ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ︽ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠡᠷᠡᠭᠯᠡᠬᠦ︾ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤᠷᠠᠯᠢᠭ ᠤᠨ ᠬᠡᠪ ᠪᠣᠯᠪᠠᠰᠤᠷᠠᠯ ᠪᠠ ᠪᠦᠬᠦᠯᠢ ᠴᠣᠭᠴᠠ ᠶᠢᠨ ᠬᠡᠪ ᠪᠣᠯᠪᠠᠰᠤᠷᠠᠯ ᠤᠨ ᠪᠥᠬᠦ ᠲᠠᠯ᠎ᠠ ᠶᠢᠨ ᠡᠶ᠎ᠡ ᠵᠣᠬᠢᠴᠠᠩᠭᠤᠶ ᠠᠬᠢᠴᠠ ᠶᠢ ᠠᠬᠢᠭᠤᠯᠵᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤᠷᠠᠯᠢᠭ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠶᠢᠨ ᠲᠥᠯᠥᠭᠡ᠂ 9 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠠᠩᠬᠠᠳᠤᠭᠠᠷ ᠬᠤᠭᠤᠴᠠᠭᠠᠨ ᠤ ᠵᠢᠯᠣᠭᠤᠴᠢ ᠥᠬᠡᠶ ᠨᠢᠰᠬᠡᠯ ᠤᠨ ᠤᠷᠤᠯᠳᠤᠭᠠᠨ ᠶᠠᠪᠤᠭᠤᠯᠪᠠ᠃ ᠪᠦᠬᠦ ᠰᠤᠷᠭᠠᠭᠤᠯᠢ ᠶᠢᠨ 135 ᠰᠤᠷᠤᠭᠴᠢ ᠤᠷᠤᠯᠳᠤᠭᠠᠨ ᠳᠤ ᠤᠷᠤᠯᠴᠠᠪᠠ᠃
      ᠤᠷᠤᠯᠳᠤᠭᠠᠨ ᠤ ᠶᠠᠪᠤᠴᠠ ᠳᠤ᠂ ᠵᠢᠯᠣᠭᠤᠴᠢ ᠥᠬᠡᠶ ᠨᠢᠰᠬᠡᠯ ᠤᠨ ᠡᠵᠡᠮᠰᠢᠯ ᠨᠢ ᠲᠠᠮᠢᠷᠴᠢᠳ ᠬᠡᠷ ᠳᠣᠲᠣᠷᠠᠬᠢ ᠲᠣᠭᠲᠠᠭᠰᠠᠨ ᠣᠷᠣᠨ ᠪᠦᠰᠡ ᠳᠤ ᠪᠠᠶᠢᠵᠤ᠂ ᠡᠬᠢᠯᠡᠯᠲᠡ ᠶᠢᠨ ᠣᠷᠣᠨ ᠪᠠᠶᠢᠷᠢ ᠠᠴᠠ ᠪᠠᠨ ᠡᠭᠦᠰᠴᠦ᠂ ᠳᠠᠪᠬᠤᠷ ᠬᠠᠷᠰᠢ ᠰᠠᠭᠠᠳ ᠢ ᠢᠯᠠᠨ ᠳᠠᠪᠠᠵᠤ᠂ ᠲᠣᠭᠲᠠᠭᠰᠠᠨ ᠴᠠᠭ ᠤᠨ ᠳᠣᠲᠣᠷ᠎ᠠ ᠨᠢᠰᠦᠯᠲᠡ ᠪᠠᠨ ᠪᠡᠶᠡᠯᠡᠭᠦᠯᠬᠦ ᠶᠢᠨ ᠬᠠᠮᠲᠤ ᠬᠠᠷᠠᠯᠲᠠ ᠶᠢᠨ ᠪᠠᠶᠢᠷᠢᠨ ᠳᠤ ᠣᠨᠣᠪᠴᠢᠲᠠᠶ ᠪᠠᠭᠤᠪᠠ᠃ ᠬᠢᠨᠠᠭᠴᠢᠳ ᠪᠠᠰᠠ ᠲᠥᠪ ᠭᠤᠣᠯᠴᠢ ᠡᠷᠬᠡ ᠲᠡᠭᠰᠢ ᠢᠯᠡ ᠲᠣᠳᠣ ᠪᠠᠶᠢᠬᠤ ᠵᠠᠷᠴᠢᠮ ᠢ ᠪᠠᠷᠢᠮᠲᠠᠯᠠᠵᠤ᠂ ᠤᠷᠤᠯᠳᠤᠭᠠᠨ ᠤ ᠭᠤᠭᠴᠤᠭ᠎ᠠ ᠨᠢᠭᠡᠪᠦᠷᠢ ᠶᠢ ᠴᠢᠩᠭ᠎ᠠ ᠦᠨᠡᠯᠡᠵᠦ ᠪᠠᠶᠢᠨ᠎ᠠ ᠃ ᠰᠤᠷᠤᠭᠴᠢᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠮᠠᠰᠢ ᠥᠨᠳᠥᠷ ᠠᠩᠬᠠᠷᠤᠯ ᠢᠶᠠᠨ ᠲᠥᠪᠯᠡᠷᠡᠭᠦᠯᠬᠦ ᠪᠠ ᠲᠤᠰᠬᠠᠢ ᠮᠡᠷᠭᠡᠵᠢᠯ ᠤᠨ ᠴᠢᠳᠠᠪᠤᠷᠢ ᠪᠠᠨ ᠢᠯᠡᠷᠡᠭᠦᠯᠬᠦ ᠳᠤ ᠣᠷᠣᠯᠴᠠᠵᠤ᠂ ᠲᠡᠳᠡ ᠴᠢᠷᠮᠠᠶᠢᠯᠭ᠎ᠠ ᠪᠠ ᠬᠦᠴᠦ ᠬᠥᠯᠥᠰᠥ ᠪᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠲᠠᠶᠢᠯᠪᠤᠷᠢᠯᠠᠭᠰᠠᠨ ᠪᠥᠭᠡᠳ ᠥᠪᠡᠷ ᠤᠨ ᠦᠰᠦᠨ ᠪᠤᠶᠢᠵᠢᠯᠲᠠ ᠳᠠᠭᠠᠨ ᠡᠷᠬᠢᠮ ᠨᠠᠨᠳᠢᠨ ᠡᠷᠭᠢᠴᠡᠭᠦᠯᠦᠯ ᠦᠯᠡᠳᠡᠭᠡᠭᠰᠡᠨ ᠪᠠᠶᠢᠨ᠎ᠠ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠲᠣᠰ ᠤᠳᠠᠭᠠᠨ ᠤ ᠤᠷᠤᠯᠳᠤᠭᠠᠨ ᠤ ᠡᠴᠦᠰ ᠤᠨ ᠡᠴᠦᠰ ᠲᠤ ᠨᠢᠭᠡᠳᠦᠭᠡᠷ ᠳᠡᠰ ᠤᠨ ᠱᠠᠩᠨᠠᠯ 5 ᠨᠡᠷᠡᠰ᠂ ᠬᠤᠶᠠᠳᠤᠭᠠᠷ ᠳᠡᠰ ᠤᠨ ᠱᠠᠩᠨᠠᠯ 9 ᠨᠡᠷᠡᠰ᠂ ᠭᠤᠷᠪᠠᠳᠤᠭᠠᠷ ᠳᠡᠰ ᠤᠨ ᠱᠠᠩᠨᠠᠯ 13 ᠨᠡᠷᠡᠰ ᠵᠢᠴᠢ ᠰᠢᠯᠢᠳᠡᠭ ᠱᠠᠩᠨᠠᠯ ᠪᠠ ᠪᠦᠯᠬᠦᠮ ᠨᠡᠶᠢᠲᠡ ᠶᠢᠨ ᠱᠠᠩᠨᠠᠯ ᠢ ᠰᠢᠯᠭᠠᠷᠠᠭᠤᠯᠪᠠ᠃
     ᠯᠢᠶᠠᠩᠴᠧᠩ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠺᠠᠩ ᠬᠤᠤ ᠬᠠᠨ    ᠡᠨᠡ ᠤᠳᠠᠭᠠᠨ ᠤ ᠵᠢᠯᠣᠭᠤᠴᠢ ᠦᠭᠡᠢ ᠨᠢᠰᠭᠡᠯ ᠤᠨ ᠤᠷᠤᠯᠳᠤᠭᠠᠨ ᠳᠤ ᠪᠢ ᠨᠢᠭᠡᠳᠦᠭᠡᠷ ᠲᠤ ᠣᠷᠣᠵᠠᠢ᠂ ᠡᠨᠡ ᠨᠢ ᠵᠥᠪᠬᠡᠨ ᠨᠢᠭᠡ ᠤᠳᠠᠭᠠᠨ ᠤ ᠤᠷᠤᠯᠳᠤᠭᠠᠨ ᠲᠡᠳᠦᠢ ᠪᠢᠱᠢ᠂ ᠨᠡᠩ ᠴᠦ ᠥᠪᠡᠷ ᠢ ᠪᠠᠨ  ᠲᠡᠭᠡᠭᠰᠢᠯᠡᠭᠦᠯᠬᠦ ᠲᠠᠪᠴᠠᠩ ᠪᠣᠯᠤᠨ᠎ᠠ᠃    ᠲᠣᠰ ᠤᠳᠠᠭᠠᠨ ᠤ ᠵᠢᠯᠣᠭᠤᠴᠢ ᠥᠬᠡᠶ ᠨᠢᠰᠬᠡᠯ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠵᠠᠯᠠᠭᠤᠴᠤᠳ ᠪᠠᠭᠠᠴᠤᠳ ᠲᠤ ᠠᠪᠢᠶ᠋ᠢᠷ ᠪᠡᠷᠬᠡᠰᠢᠶᠡᠯ ᠤᠨ ᠡᠮᠦᠨ᠎ᠡ ᠴᠦᠬᠦᠷᠡᠰᠢ ᠦᠭᠡᠢ ᠪᠠᠷᠢᠮᠲᠠᠯᠠᠪᠠ᠃ ᠴᠢᠳᠠᠪᠤᠷᠢ ᠪᠠ ᠰᠤᠷᠤᠯᠴᠠᠵᠤ ᠰᠣᠯᠢᠯᠴᠠᠬᠤ ᠲᠠᠪᠴᠠᠩ ᠢ ᠬᠠᠩᠭᠠᠵᠤ᠂ ᠬᠠᠮᠲᠤ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠ ᠭᠠᠷ ᠬᠥᠳᠡᠯᠬᠦ ᠴᠢᠳᠠᠪᠤᠷᠢ ᠶᠢ ᠴᠢᠩᠭᠠᠷᠠᠭᠤᠯᠵᠤ᠂ ᠵᠢᠯᠣᠭᠤᠴᠢ ᠥᠬᠡᠶ ᠨᠢᠰᠬᠡᠯ ᠤᠨ ᠮᠡᠷᠭᠡᠵᠢᠯ ᠤᠨ ᠮᠠᠨ ᠤ ᠰᠢᠶᠠᠨ ᠤ ᠵᠠᠯᠠᠭᠤᠴᠤᠳ ᠪᠠᠭᠠᠴᠤᠳ ᠤᠨ ᠳᠤᠮᠳᠠ ᠲᠦᠭᠡᠮᠡᠯᠵᠢᠯᠲᠡ ᠪᠠ ᠬᠡᠷᠡᠭᠯᠡᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠪᠠ᠃                                      ᠨᠠᠶᠢᠷᠠᠭᠤᠯᠤᠭᠴᠢ᠄   ᠴᠧᠨ ᠰᠢᠶᠤᠤ ᠵᠢᠤᠸᠠᠨ                                      ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2