ᠯᠢᠦ ᠶᠢᠨ ᠲᠤᠤ ︽ᠲᠤᠯᠠᠭᠠᠯᠠᠬᠤ ᠢᠨᠵᠧᠨᠧᠷᠢᠩ︾ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/25
   9 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ︽ ᠲᠤᠯᠠᠭᠠᠯᠠᠬᠤ  ᠢᠨᠵᠧᠨᠧᠷᠢᠩ︾ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠯᠢᠦ ᠶᠢᠨ ᠲᠤᠤ ᠴᠢᠬᠤᠯᠠᠴᠢᠯᠠᠭᠰᠠᠨ ᠨᠢ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠬᠤᠷᠢᠭ᠎ᠠ ᠱᠤᠭᠤᠮ ᠢ ᠪᠠᠲᠤ ᠡᠵᠡᠮᠳᠡᠵᠦ᠂ ᠡᠯ᠎ᠡ ᠰᠠᠯᠠᠭ᠎ᠠ ᠮᠥᠴᠢᠷ ᠪᠣᠯᠤᠨ ᠪᠠᠷᠢᠯᠭ᠎ᠠ ᠪᠠᠷᠢᠬᠤ ᠪᠦᠯᠬᠦᠮ ᠡᠷᠬᠡᠪᠰᠢ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠣᠷᠣᠰᠢᠵᠤ ᠮᠡᠳᠡᠬᠦ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠵᠢᠭᠰᠠᠭᠠᠨ ᠪᠠᠶᠢᠴᠠᠭᠠᠵᠤ᠂ ᠪᠠᠷᠢᠯᠭ᠎ᠠ ᠪᠠᠷᠢᠬᠤ ᠬᠥᠮᠦᠰ ᠠᠮᠤᠷ ᠲᠦᠪᠰᠢᠨ ᠤ ᠠᠵᠢᠯᠯᠠᠬᠤ ᠲᠦᠷᠢᠮ ᠢ ᠴᠢᠩᠭ᠎ᠠ ᠵᠢᠷᠤᠮᠯᠠᠵᠤ᠂ ᠠᠮᠤᠷ ᠲᠦᠪᠰᠢᠨ ᠤ ᠲᠡᠮᠳᠡᠭ ᠲᠤᠬᠢᠷᠠᠭᠤᠯᠵᠤ᠂ ᠠᠮᠤᠷ ᠲᠦᠪᠰᠢᠨ ᠤ ᠮᠠᠯᠠᠭᠠᠢ ᠵᠡᠭᠦᠵᠦ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠢᠨᠵᠧᠨᠧᠷᠢᠩ ᠤᠨ ᠶᠠᠰᠤ ᠴᠢᠨᠠᠷ ᠢ ᠰᠠᠶᠢᠲᠤᠷ ᠡᠬᠢᠯᠡᠭᠦᠯᠵᠦ᠂ ︽ᠡᠴᠦᠰ ᠤᠨ ᠨᠢᠭᠡ  ᠺᠢᠯᠤᠮᠧᠲᠷ︾ ᠢ ᠴᠢᠩᠭ᠎ᠠ ᠠᠩᠬᠠᠷᠴᠤ᠂ ᠢᠨᠵᠧᠨᠧᠷᠢᠩ ᠤᠨ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠢ ᠳᠤᠯᠠᠭᠠᠨ ᠪᠦᠯᠢᠶᠡᠨ ᠡᠪᠦᠯᠵᠢᠭᠦᠯᠬᠦ ᠬᠡᠷᠡᠭᠲᠡᠶ ᠭᠡᠵᠡᠢ᠃ ᠪᠠᠷᠢᠯᠭ᠎ᠠ ᠶᠢᠨ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠵᠠᠮ ᠤᠨ ᠭᠠᠳᠠᠷᠭᠤ ᠶᠢ ᠰᠡᠯᠪᠢᠨ ᠵᠠᠰᠠᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠡᠭᠦᠯ ᠬᠤᠷᠢᠶᠠᠬᠤ ᠠᠵᠢᠯ ᠢ ᠴᠠᠭ ᠲᠤᠬᠠᠶ ᠳᠤᠨᠢ ᠬᠢᠵᠦ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᡂᠢ ᠵᠢᠶᠠᠨ ᠹᠧᠩ᠂ ᠵᠢᠶᠠ ᠢᠦᠢ ᠹᠸᠢ᠂ ᠪᠠᠢ ᠯᠢ ᠵᠢᠶᠦ᠋ᠨ ᠬᠤᠷᠠᠯ ᠳᠤ ᠣᠷᠣᠯᠴᠠᠪᠠ᠃                                               ᠨᠠᠶᠢᠷᠠᠭᠤᠯᠤᠭᠴᠢ᠄   ᠶᠠᠩ  ᠿᠦᠢ ᠵᠧᠨ                                               ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2