ᠯᠢᠶᠠᠩᠴᠧᠩ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ 2024 ᠣᠨ ᠤ ᠨᠠᠮᠤᠷ ᠤᠨ ᠤᠯᠠᠷᠢᠯ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2024/9/25
   9 ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠯᠢᠶᠠᠩᠴᠧᠩ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ 2024 ᠣᠨ ᠤ ᠨᠠᠮᠤᠷ ᠤᠨ ᠤᠯᠠᠷᠢᠯ ᠤᠨ ᠬᠦᠨᠳᠦ ᠬᠥᠩᠭᠡᠨ ᠲᠠᠮᠢᠷ ᠤᠨ ᠴᠤᠭᠯᠠᠭᠠᠨ ᠡᠷᠭᠢᠯᠡᠪᠡ᠃ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠰᠤᠷᠤᠭᠴᠢᠳ ᠤᠨ ᠪᠡᠶ᠎ᠡ ᠶᠢᠨ ᠲᠠᠮᠢᠷ ᠪᠠ ᠵᠣᠷᠢᠭ ᠰᠠᠨᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠪᠠᠭᠰᠢ ᠰᠤᠷᠤᠭᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠴᠢᠬᠤᠯᠠ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠤᠨ᠎ᠠ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠲᠤᠭ ᠤᠨ ᠠᠩᠭᠢ᠂ ᠬᠡᠩᠭᠡᠷᠭᠡ ᠶᠢᠨ ᠡᠩᠨᠡᠭᠡ᠂ ᠬᠢᠨᠠᠭᠴᠢ ᠶᠢᠨ ᠲᠥᠯᠥᠭᠡᠯᠡᠭᠴᠢᠳ ᠤᠨ ᠠᠩᠭᠢ ᠪᠣᠯᠤᠨ ᠡᠯ᠎ᠡ ᠣᠨ ᠤ ᠤᠷᠤᠯᠳᠤᠭᠠᠨ ᠳᠤ ᠣᠷᠣᠯᠴᠠᠬᠤ ᠠᠩᠭᠢ ᠢᠳᠡᠷᠡᠭᠦᠨ ᠠᠯᠬᠤᠭ᠎ᠠ ᠪᠠᠷ ᠲᠠᠯᠠᠪᠠᠢ ᠳᠤ ᠣᠷᠣᠵᠤ᠂ ᠲᠤᠭ ᠮᠠᠨᠳᠤᠭᠤᠯᠬᠤ ᠰᠦᠷ ᠵᠢᠪᠬᠤᠯᠠᠩᠲᠤ ᠶᠣᠰᠣᠯᠠᠯ ᠶᠠᠪᠤᠭᠤᠯᠪᠠ᠃ ᠳᠠᠷᠠᠭ᠎ᠠ ᠨᠢ᠂ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠠᠮᠢᠷᠴᠢᠳ ᠴᠢᠪᠬᠠᠳᠠᠰᠤ ᠪᠠᠨ ᠬᠠᠷᠪᠤᠭᠰᠠᠨ ᠰᠤᠮᠤ ᠰᠢᠭ᠋ ᠤᠷᠤᠯᠳᠤᠭᠠᠨ ᠤ ᠲᠠᠯᠠᠪᠤᠷ ᠲᠤ ᠡᠷᠡᠮᠡᠬᠡᠶᠢᠯᠡᠨ ᠲᠡᠮᠡᠴᠡᠵᠦ᠂ ᠥᠪᠡᠷ ᠢ ᠪᠠᠨ ᠥᠷᠢᠰᠥᠯᠳᠦᠵᠦ᠂ ᠣᠷᠭᠢᠯᠤᠮ᠎ᠠ ᠰᠡᠳᠬᠢᠯᠭᠡ ᠪᠣᠯᠤᠨ ᠬᠢᠵᠠᠭᠠᠯᠠᠰᠢ ᠦᠭᠡᠢ ᠳᠠᠯᠳᠠ ᠬᠦᠴᠦᠨ ᠢᠶᠠᠨ ᠢᠯᠡᠷᠡᠭᠦᠯᠪᠡ︔ ᠤᠷᠤᠯᠳᠤᠭᠠᠨ ᠤ ᠲᠠᠯᠠᠪᠤᠷ ᠤᠨ ᠭᠠᠳᠠᠨᠠᠬᠢ ᠦᠵᠡᠭᠴᠢᠳ ᠰᠦᠷ ᠬᠦᠴᠦᠨ ᠢᠶᠠᠨ ᠡᠷᠭᠦᠵᠦ᠂ ᠠᠭᠤᠷ ᠠᠮᠢᠰᠬᠤᠯ ᠶᠠᠭ ᠯᠠ ᠭᠠᠯ ᠮᠡᠲᠦ ᠰᠢᠲᠠᠨ᠎ᠠ᠃ ᠤᠳᠠᠭ᠎ᠠ ᠪᠦᠷᠢ ᠶᠢᠨ ᠰᠢᠪᠲᠤᠯᠤᠯᠲᠠ᠂ ᠤᠳᠠᠭ᠎ᠠ ᠪᠦᠷᠢ ᠶᠢᠨ ᠦᠰᠦᠷᠦᠯᠲᠡ᠂ ᠤᠳᠠᠭ᠎ᠠ ᠪᠦᠷᠢ ᠶᠢᠨ ᠬᠦᠴᠦᠨ ᠤ ᠳᠡᠯᠪᠡᠷᠡᠯᠲᠡ ᠪᠣᠯ ᠴᠥᠮ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠪᠡᠶ᠎ᠡ ᠶᠢᠨ ᠲᠠᠮᠢᠷ ᠤᠨ ᠷᠢᠳᠢ ᠰᠢᠳᠢ ᠶᠢᠨ ᠠᠮᠢᠳᠤᠯᠢᠭ ᠢᠯᠡᠷᠡᠯ ᠮᠥᠨ᠃ ᠳᠤᠰ ᠬᠤᠭᠤᠴᠠᠭᠠᠨ ᠤ ᠪᠠᠶ᠎ᠡ ᠶᠢᠨ ᠲᠠᠮᠢᠷ ᠤᠨ ᠤᠷᠤᠯᠳᠤᠭᠠᠨ ᠳᠤ 100 ᠮᠧᠲᠷ᠂ 200 ᠮᠧᠲᠷ᠂ 4x100 ᠮᠧᠲᠷ ᠤᠨ ᠪᠤᠤᠬᠢᠶ᠎ᠠ ᠤᠷᠤᠯᠳᠤᠭᠠᠨ᠂ ᠦᠨᠳᠦᠷ ᠦᠰᠦᠷᠬᠦ ᠂ ᠬᠤᠯᠠ ᠦᠰᠦᠷᠬᠦ ᠵᠡᠷᠬᠡ ᠤᠯᠠᠮᠵᠢᠯᠠᠯᠳᠦ ᠬᠦᠨᠳᠤ ᠬᠦᠡᠭᠭᠡᠨ ᠰᠫᠤᠷᠲ ᠤᠨ ᠲᠦᠷᠦᠯ ᠵᠦᠢᠯ ᠢ ᠲᠤᠬᠢᠷᠠᠭᠤᠯᠪᠠ᠃ ᠲᠡᠭᠦᠰᠬᠦ ᠶᠣᠰᠣᠯᠠᠯ ᠳᠡᠭᠡᠷ᠎ᠡ᠂ ᠤᠷᠤᠯᠳᠤᠭᠠᠨ ᠤ ᠳᠤᠮᠳᠠ ᠲᠤᠪᠤᠶᠢᠮ᠎ᠠ ᠢᠯᠡᠷᠡᠯ ᠲᠠᠢ ᠠᠩᠭᠢ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃
   ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠪᠠᠷ ᠳᠠᠮᠵᠢᠭᠤᠯᠤᠨ᠂ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠠᠩᠭᠢ ᠶᠢᠨ ᠨᠢᠭᠲᠠᠷᠠᠯ ᠤᠨ ᠬᠦᠴᠦᠨ ᠪᠠ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠤᠬᠠᠮᠰᠠᠷ ᠢ ᠨᠠᠩ ᠨᠡᠮᠡᠭᠳᠡᠭᠦᠯᠦᠭᠰᠡᠨ ᠪᠠᠶᠢᠨ᠎ᠠ᠃ ᠡᠭᠦᠨ ᠤ ᠬᠠᠮᠲᠤ ᠪᠠᠰᠠ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠯᠢᠶᠠᠩᠴᠧᠩ ᠨᠢᠭᠡᠳᠦᠭᠡᠷ ᠳᠤᠮᠳᠠᠳᠤ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠣᠨᠴᠠᠯᠢᠭᠲᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠭᠦᠨ ᠵᠤᠵᠠᠭᠠᠨ ᠭᠡᠷᠡᠯ ᠭᠢᠯᠪᠠᠭ᠎ᠠ ᠨᠡᠮᠡᠷᠢᠯᠡᠭᠰᠡᠨ ᠪᠠᠶᠢᠨ᠎ᠠ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2