ᠯᠢᠶᠠᠩᠴᠧᠩ ᠰᠢᠶᠠᠨ ᠤ ᠮᠠᠩᠬᠠᠨ ᠪᠠᠯᠭᠠᠰᠤ᠄ ᠺᠠᠳ᠋ᠷ ᠣᠯᠠᠨ ᠲᠦᠮᠡᠨ ᠬᠠᠮᠲᠤᠪᠠᠷ  ᠣᠷᠣᠯᠴᠠᠵᠤ᠂ ᠨᠠᠮᠤᠷ ᠤᠨ ᠬᠤᠷᠢᠶᠠᠯᠲᠠ  ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/9/27
   ᠣᠳᠣᠬᠠᠨ ᠳᠤ ᠶᠠᠭ ᠰᠠᠶᠢᠬᠠᠨ ᠨᠠᠮᠤᠷ ᠤᠨ ᠬᠤᠷᠢᠶᠠᠯᠲᠠ ᠶᠢᠨ ᠴᠠᠭ ᠦᠶ᠎ᠡ ᠪᠠᠶᠢᠵᠤ᠂ ᠣᠶᠢᠷ᠎ᠠ ᠶᠢᠨ ᠬᠤᠭᠤᠴᠠᠭᠠᠨ ᠳᠤ ᠵᠠᠯᠭᠠᠭ᠎ᠠ ᠪᠠᠷ ᠪᠣᠷᠣᠭᠠᠨ ᠤᠷᠤᠭᠰᠠᠨ ᠪᠣᠯᠬᠤᠷ ᠬᠡᠰᠡᠭ ᠲᠠᠷᠢᠮᠠᠯ ᠬᠤᠬᠢᠷᠠᠯ ᠳᠤ ᠤᠴᠠᠷᠠᠵᠤ᠂ ᠯᠢᠶᠠᠩᠴᠧᠩ ᠰᠢᠶᠠᠨ ᠤ ᠮᠠᠩᠬᠠᠨ ᠪᠠᠯᠭᠠᠰᠤ ᠦᠳᠲᠡᠷ ᠲᠦᠷᠭᠡᠨ ᠬᠥᠳᠡᠯᠦᠯᠴᠡᠵᠦ᠂ ᠨᠠᠮ ᠤᠨ ᠭᠡᠰᠢᠭᠦᠨ ᠤ ᠰᠠᠯᠪᠤᠷᠢ ᠪᠠᠭ᠎ᠠ ᠠᠩᠭᠢ ᠪᠠᠶᠢᠭᠤᠯᠤᠨ᠂ ᠲᠤᠩᠭᠠᠯᠠᠭ ᠰᠠᠶᠢᠬᠠᠨ ᠠᠭᠤᠷ ᠠᠮᠢᠰᠬᠤᠯ ᠢ ᠵᠠᠪᠳᠤᠨ ᠠᠳᠬᠤᠵᠤ᠂ ᠲᠠᠷᠢᠶᠠᠴᠢᠨ ᠡᠷᠦᠬᠡ ᠶᠢᠨ ᠲᠠᠷᠢᠮᠠᠯ ᠢ ᠵᠠᠪᠳᠤᠨ ᠬᠤᠷᠢᠶᠠᠬᠤ ᠳᠤ ᠬᠦᠴᠦᠨ ᠨᠡᠮᠡᠷᠢᠯᠡᠪᠡ᠃    ᠬᠠᠳᠤᠵᠤ ᠬᠤᠷᠢᠶᠠᠬᠤ ᠲᠤᠬᠠᠶ ᠶᠢᠨ ᠲᠠᠯᠠᠪᠤᠷ ᠲᠤ᠂ ᠤᠯᠠᠭᠠᠨ ᠬᠠᠨᠵᠢᠶᠠᠷ ᠡᠮᠦᠰᠦᠭᠰᠡᠨ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠪᠠᠭᠠᠵᠢ ᠬᠡᠷᠡᠭᠰᠡᠯ ᠢᠶᠠᠨ ᠠᠪᠴᠤ᠂ ᠲᠠᠷᠢᠶᠠᠴᠢᠨ ᠡᠷᠦᠬᠡ ᠲᠠᠢ ᠬᠠᠮᠲᠤ ᠪᠠᠴᠢᠮ ᠶᠠᠭᠠᠷᠠᠯᠲᠠᠶ ᠨᠠᠷᠢᠮᠤ ᠪᠤᠯᠢᠶᠠᠯᠳᠤᠨ ᠬᠤᠷᠢᠶᠠᠬᠤ ᠠᠵᠢᠯ ᠳᠤ ᠣᠷᠣᠯᠴᠠᠵᠤ᠂ ᠵᠠᠷᠢᠮ ᠨᠢ ᠬᠠᠳᠤᠭᠤᠷ ᠡᠷᠭᠢᠭᠦᠯᠦᠨ  ᠂ ᠪᠣᠯᠪᠠᠰᠤᠷᠠᠩᠭᠤᠶ ᠬᠤᠷᠢᠶᠠᠵᠤ ᠪᠠᠶᠢᠨ᠎ᠠ︔ ᠵᠠᠷᠢᠮ ᠨᠢ ᠬᠠᠳᠤᠵᠤ ᠬᠤᠷᠢᠶᠠᠭᠰᠠᠨ ᠨᠠᠷᠢᠮᠤ ᠪᠠᠨ ᠲᠡᠷᠢ ᠲᠡᠭᠰᠢ ᠣᠪᠣᠭᠠᠯᠠᠵᠤ ᠲᠠᠯᠪᠢᠨ᠎ᠠ︔ ᠵᠠᠷᠢᠮ ᠨᠢ ᠠᠵᠢᠯ ᠢᠶᠠᠨ ᠬᠤᠪᠢᠶᠠᠷᠢᠯᠠᠨ ᠬᠠᠮᠲᠤᠷᠠᠨ ᠠᠵᠢᠯᠯᠠᠵᠤ᠂ ᠰᠡᠳᠬᠢᠯ ᠰᠠᠨᠠᠭ᠎ᠠ ᠪᠠᠨ ᠣᠯᠣᠯᠴᠠᠵᠤ᠂ ᠨᠠᠮᠤᠷ ᠤᠨ ᠠᠮᠤ ᠪᠤᠳᠠᠭᠠᠨ ᠤ ᠬᠤᠷᠢᠶᠠᠬᠤ ᠶᠣᠰᠣᠲᠠᠶ ᠲᠦᠷᠭᠡᠨ ᠬᠤᠷᠢᠶᠠᠬᠤ ᠶᠢ ᠦᠨᠡᠨ ᠬᠦ ᠪᠠᠲᠤᠯᠠᠪᠠ᠃    ︽ᠪᠢ ᠬᠠᠷᠠᠬᠠᠨ ᠪᠠᠭ᠎ᠠ ᠠᠴᠠ ᠪᠠᠨ ᠠᠭᠤᠰᠬᠢᠨ ᠤ ᠬᠡᠢ ᠬᠠᠪᠤᠩᠲᠤ ᠡᠪᠡᠳᠴᠢᠨ ᠲᠠᠢ ᠪᠠᠶᠢᠵᠤ᠂ ᠨᠠᠷᠢᠮᠤ ᠲᠠᠷᠢᠪᠠᠯ ᠪᠤᠴᠠᠭᠠᠨ ᠠᠪᠴᠤ ᠳᠡᠶᠢᠯᠬᠦ ᠦᠭᠡᠢ᠂ᠮᠠᠩᠬᠠᠨ ᠪᠠᠯᠭᠠᠰᠤᠨ ᠤ ᠺᠠᠳ᠋ᠷ᠂ ᠶᠡᠭᠡ ᠠᠩᠭᠢ ᠶᠢᠨ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠺᠠᠳ᠋ᠷ ᠴᠥᠮ ᠨᠠᠳᠠ ᠶᠢ ᠬᠠᠪᠰᠤᠷᠬᠤ ᠪᠠᠷ ᠢᠷᠡᠵᠡᠢ᠂ ᠬᠡᠳᠦᠨ ᠡᠳᠦᠷ ᠳᠠᠭᠠᠷᠠᠭᠰᠠᠨ ᠲᠠᠷᠢᠶᠠᠨ ᠳᠤ ᠠᠶᠤᠵᠤ ᠪᠠᠶᠢᠨ᠎ᠠ᠂ ᠲᠡᠳᠡᠨ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠬᠡᠯᠡᠪᠡ᠃ ᠮᠠᠩᠬᠠᠨ ᠪᠠᠯᠭᠠᠰᠤᠨ ᠤ ᠭᠦᠸᠧ ᠰᠢᠶᠠᠨ ᠶᠣᠣ ᠵᠠᠰᠠᠭ ᠵᠠᠬᠢᠷᠭᠠᠨ ᠤ ᠲᠣᠰᠬᠤᠨ ᠤ ᠶᠤᠸᠠᠨ ᠱᠠᠨ ᠽᠢ ᠲᠣᠰᠬᠤᠨ ᠤ ᠠᠷᠠᠳ ᠯᠢ ᠮᠧᠢ ᠰᠢ ᠬᠡᠯᠡᠪᠡ᠃ ᠣᠶᠢᠯᠠᠭᠠᠭᠰᠠᠨ ᠢᠶᠠᠷ᠂ ᠮᠠᠩᠬᠠᠨ ᠪᠠᠯᠭᠠᠰᠤ ᠬᠤᠶᠠᠷ ᠤᠬᠠᠭᠤᠯᠭ᠎ᠠ ᠶᠢᠨ ᠲᠡᠷᠭᠡ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠲᠤ ᠭᠦᠨᠵᠡᠭᠡᠶᠢᠷᠡᠨ᠂ ᠲᠠᠷᠢᠶᠠᠴᠢᠳ ᠲᠤ ᠨᠠᠮᠤᠷ ᠤᠨ ᠬᠤᠷᠢᠶᠠᠯᠲᠠ ᠶᠢᠨ ᠬᠠᠮᠢᠶ᠎ᠠ ᠪᠥᠬᠦᠶ ᠮᠡᠳᠡᠯᠭᠡ᠂ ᠠᠩᠬᠠᠷᠬᠤ ᠵᠦᠢᠯᠡᠰ ᠵᠢᠴᠢ ᠮᠠᠰᠢᠨ ᠪᠠᠭᠠᠵᠢ ᠶᠢ ᠵᠠᠪᠳᠤᠨ ᠵᠠᠰᠠᠬᠤ ᠤᠲᠠᠰᠤ ᠵᠡᠷᠭᠡ ᠶᠢ ᠤᠬᠠᠭᠤᠯᠬᠤ ᠶᠢᠨ ᠬᠠᠮᠲᠤ ᠪᠥᠬᠦ ᠪᠠᠯᠭᠠᠰᠤᠨ ᠳᠤ ᠨᠡᠶᠢᠲᠡ ᠭᠤᠷᠪᠠᠨ ᠰᠡᠯᠪᠢᠨ ᠵᠠᠰᠠᠬᠤ ᠴᠡᠭ ᠭᠠᠷᠭᠠᠵᠤ᠂ ᠲᠤᠰᠬᠠᠶᠢᠯᠠᠨ ᠲᠠᠷᠢᠶᠠᠴᠢᠳ ᠲᠤ ᠲᠠᠷᠢᠶᠠᠯᠠᠩ ᠤᠨ ᠮᠠᠰᠢᠨ ᠪᠠᠭᠠᠵᠢ ᠶᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠪᠠᠰᠠ 20 ᠨᠠᠮ ᠤᠨ ᠭᠡᠰᠢᠭᠦᠨ ᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠡᠯ᠎ᠡ ᠲᠣᠰᠬᠤᠨ ᠳᠤ ᠬᠦᠷᠴᠦ᠂ ᠲᠠᠷᠢᠶᠠᠴᠢᠳ ᠢ ᠬᠠᠪᠰᠤᠷᠤᠨ ᠨᠠᠮᠤᠷ ᠤᠨ ᠬᠤᠷᠢᠶᠠᠯᠲᠠ ᠶᠢᠨ ᠠᠵᠢᠯ ᠢ ᠬᠢᠭᠰᠡᠨ ᠪᠠᠶᠢᠨ᠎ᠠ᠃ ᠨᠠᠮ ᠤᠨ ᠭᠡᠰᠢᠭᠦᠨ ᠰᠠᠯᠪᠤᠷᠢ ᠪᠠᠭ᠎ᠠ ᠠᠩᠭᠢ ᠶᠢᠨ ᠪᠦᠷᠢᠯᠳᠦᠬᠦᠨ ᠲᠠᠷᠢᠶᠠᠴᠢᠳ ᠢ ᠵᠢᠯᠣᠭᠤᠳᠤᠨ ᠲᠠᠷᠢᠶᠠᠯᠠᠩ ᠤᠨ ᠮᠠᠰᠢᠨ ᠠᠵᠢᠯᠯᠠᠭᠤᠯᠬᠤ ᠪᠠᠷ ᠪᠠᠷᠠᠬᠤ ᠥᠬᠡᠶ ᠪᠠᠰᠠ ᠬᠠᠳᠤᠵᠤ ᠬᠤᠷᠢᠶᠠᠬᠤ᠂ ᠲᠡᠭᠡᠭᠡᠪᠦᠷᠢᠯᠡᠬᠦ ᠵᠡᠷᠭᠡ ᠡᠯ᠎ᠡ ᠭᠤᠭᠴᠤᠭ᠎ᠠ ᠳᠤ ᠢᠳᠡᠪᠬᠢᠲᠡᠶ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠰᠢᠭᠤᠴᠢ ᠵᠢᠱᠢᠶᠡᠴᠢ ᠦᠢᠯᠡᠳᠦᠯ ᠢ ᠢᠯᠡᠷᠡᠭᠦᠯᠵᠦ᠂ ᠲᠠᠷᠢᠶᠠᠴᠢᠳ ᠢ ᠬᠠᠪᠰᠤᠷᠤᠨ ᠨᠠᠮᠤᠷ ᠤᠨ ᠬᠤᠷᠢᠶᠠᠯᠲᠠ ᠶᠢᠨ ᠠᠬᠢᠴᠠ ᠶᠢ ᠲᠦᠷᠭᠡᠳᠬᠡᠵᠦ᠂ ᠴᠠᠭ ᠲᠠᠢ ᠤᠷᠤᠯᠳᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠠᠭᠠᠷᠠᠤ ᠰᠠᠨᠳᠤᠷᠤᠤ ᠬᠤᠷᠢᠶᠠᠵᠤ ᠪᠠᠶᠢᠪᠠ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2