ᠵᠧᠩ ᠳ᠋ᠦᠩ ᠫᠢᠩ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠤᠨ ᠲᠤᠯᠠᠭᠠᠯᠠᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/9/27
9 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠱᠢ ᠵᠢᠢ ᠠᠮᠤ ᠪᠤᠳᠠᠭᠠᠨ ᠤ ᠬᠤᠳᠠᠯᠳᠤᠭ᠎ᠠ ᠪᠣᠯᠤᠨ ᠬᠤᠩ ᠮᠤᠤ ᠪᠠᠯᠭᠠᠰᠤᠨ ᠤ ᠵᠢᠦ ᠶᠤᠸᠠᠨ ᠵᠠᠮ ᠤᠨ ᠢᠯᠴᠢ ᠶᠢᠨ ᠬᠦᠴᠦᠨ ᠤ ᠦᠷᠳᠡᠭᠡ᠂ ᠰᠢᠤᠸᠠᠢ ᠬᠠᠢ ᠬᠤᠸᠠ ᠴᠡᠴᠡᠷᠯᠢᠭ ᠤᠨ ᠢᠯᠴᠢ ᠶᠢᠨ ᠬᠦᠴᠦᠨ ᠤ ᠦᠷᠳᠡᠭᠡ᠂ ᠭᠤᠸᠠᠩ ᠮᠢᠩ ᠢᠯᠴᠢ ᠶᠢᠨ ᠬᠦᠴᠦᠨ ᠤ ᠦᠷᠳᠡᠭᠡ ᠵᠡᠷᠭᠡ ᠭᠠᠵᠠᠷ ᠲᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠤᠨ ᠲᠤᠯᠠᠭᠠᠯᠠᠬᠤ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠰᠢᠶᠠᠨ ᠤ ᠳᠡᠳ᠋ ᠳᠠᠷᠤᠭ᠎ᠠ ᠪᠠᠶ ᠯᠢ ᠵᠢᠶᠦ᠋ᠨ᠂ ᠸᠠᠩ ᠯᠸᠢ ᠣᠷᠣᠯᠴᠠᠵᠠᠶ᠃    ᠱᠢ ᠵᠢᠢ ᠠᠮᠤ ᠪᠤᠳᠠᠭᠠᠨ ᠤ ᠬᠤᠳᠠᠯᠳᠤᠭ᠎ᠠ ᠳᠤ᠂ ᠵᠧᠩ ᠳ᠋ᠦᠩ ᠫᠢᠩ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ ᠪᠣᠯᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ᠂ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠡᠯ᠎ᠡ ᠵᠦᠢᠯ ᠤᠨ ᠠᠵᠢᠯᠯᠠᠬᠤ ᠶᠠᠪᠤᠴᠠ᠂ ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠶᠠᠰᠤ ᠴᠢᠨᠠᠷ ᠤᠨ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠴᠦ ᠡᠳᠦᠷ ᠲᠤᠲᠤᠮ ᠤᠨ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠢᠳᠡᠭᠡᠨ ᠤ ᠠᠷᠢᠭᠤᠨ ᠴᠡᠪᠡᠷ ᠪᠣᠯᠤᠨ ᠢᠳᠡᠭᠡᠨ ᠤ ᠠᠮᠤᠷ ᠲᠦᠪᠰᠢᠨ ᠢ ᠪᠠᠲᠤᠯᠠᠵᠤ ᠂ ᠡᠶ᠎ᠡ ᠵᠣᠬᠢᠴᠠᠩᠭᠤᠶ ᠡᠷᠡᠭᠦᠯ ᠰᠠᠷᠠᠭᠤᠯ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃    ᠵᠢᠦ ᠶᠤᠸᠠᠨ ᠵᠠᠮ ᠤᠨ ᠢᠯᠴᠢ ᠶᠢᠨ ᠬᠦᠴᠦᠨ ᠤ ᠥᠷᠲᠡᠭᠡ᠂ ᠰᠢᠤᠸᠠᠢ ᠬᠠᠢ ᠴᠡᠴᠡᠷᠯᠢᠭ ᠤᠨ ᠢᠯᠴᠢ ᠶᠢᠨ ᠬᠦᠴᠦᠨ ᠤ ᠥᠷᠲᠡᠭᠡ ᠪᠣᠯᠤᠨ ᠭᠤᠸᠠᠩ ᠮᠢᠩ ᠢᠯᠴᠢ ᠶᠢᠨ ᠬᠦᠴᠦᠨ ᠤ ᠥᠷᠲᠡᠭᠡ ᠳᠤ᠂ ᠵᠧᠩ ᠳ᠋ᠦᠩ ᠫᠢᠩ ᠢᠯᠴᠢ ᠬᠠᠩᠭᠠᠬᠤ ᠢᠨᠵᠧᠨᠧᠷᠢᠩ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠳᠡᠪᠢᠰᠬᠦ ᠪᠠ ᠢᠯᠴᠢ ᠰᠣᠯᠢᠯᠴᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠬᠠᠯᠠᠭᠤᠨ ᠳᠤᠯᠠᠭᠠᠨ ᠢᠨᠵᠧᠨᠧᠷᠢᠩ ᠨᠢ ᠲᠦᠭ ᠲᠦᠮᠡᠨ ᠠᠶᠢᠯ ᠡᠷᠦᠬᠡ᠂ ᠠᠷᠠᠳ ᠣᠯᠠᠨ ᠤ ᠬᠠᠯᠠᠭᠤᠨ ᠳᠤᠯᠠᠭᠠᠨ ᠲᠠᠢ ᠬᠤᠯᠪᠣᠭᠳᠠᠬᠤ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠪᠠᠷᠢᠯᠭ᠎ᠠ ᠶᠢᠨ ᠲᠠᠯ᠎ᠠ ᠶᠢᠨ ᠬᠢᠨ ᠡᠪᠦᠯ ᠤᠨ ᠤᠯᠠᠷᠢᠯ ᠤᠨ ᠢᠯᠴᠢ ᠬᠠᠩᠭᠠᠬᠤ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠢ ᠨᠠᠷᠢᠯᠢᠭ ᠬᠢᠵᠦ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃    ᠵᠧᠩ ᠳ᠋ᠦᠩ ᠫᠢᠩ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠪᠦᠲᠦᠮᠵᠢᠲᠡᠢ ᠬᠤᠭᠤᠴᠠᠭ᠎ᠠ ᠶᠢ ᠠᠮᠵᠢᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠳᠡᠪᠢᠰᠬᠦ ᠪᠠ ᠢᠯᠴᠢ ᠰᠣᠯᠢᠯᠴᠠᠬᠤ ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠵᠤ᠂ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ ᠂ ᠪᠠᠷᠢᠯᠭ᠎ᠠ ᠶᠢᠨ ᠠᠵᠢᠯ ᠤᠨ ᠤᠷ᠎ᠠ ᠮᠡᠷᠭᠡᠵᠢᠯ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠢᠨᠵᠧᠨᠧᠷᠢᠩ ᠢ ᠶᠠᠰᠤ ᠴᠢᠨᠠᠷ ᠢᠶᠠᠷ ᠴᠢᠩᠭ᠎ᠠ᠂ ᠠᠷᠠᠳ ᠤᠯᠠᠨ ᠳᠤ ᠲᠠᠭᠠᠰᠢᠶᠠᠭᠳᠠᠭᠰᠠᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠪᠠᠶᠢᠭᠤᠯᠬᠤ ᠬᠡᠷᠡᠭᠲᠡᠢ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2