ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 12 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/29
   9 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 12 ᠳ᠋ᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠤᠯᠪᠣᠭᠳᠠᠯ ᠪᠦᠬᠦᠢ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠬᠤ ᠶᠢᠨ ᠬᠠᠮᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ︾ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠯᠢᠦ ᠶᠢᠨ ᠲᠤᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠳᠣᠯᠤᠭ᠎ᠠ ᠶᠢ ᠵᠢᠱᠢᠶᠡᠴᠢ ᠪᠣᠯᠭᠠᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠴᠥᠮ ᠨᠢᠭᠲᠠ ᠤᠶᠠᠯᠳᠤᠭᠤᠯᠤᠨ᠂ ᠡᠨᠡ ᠬᠦ ᠭᠤᠤᠯ ᠰᠢᠵᠢᠮ ᠠᠴᠠ ᠥᠴᠦᠬᠡᠨ ᠴᠦ ᠵᠠᠶᠢᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠢ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠠᠭᠤᠰᠤᠯᠴᠠᠬᠤ ᠮᠠᠶ᠋ᠢᠭ ᠤᠨ ᠬᠥᠭᠵᠢᠯᠲᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠲᠠᠰᠤᠷᠠᠯᠲᠠ ᠥᠬᠡᠶ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠯᠢᠦ ᠶᠢᠨ ᠲᠤᠤ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠬᠦ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠳᠤᠲᠠᠭᠤᠳᠠᠯ ᠢ ᠱᠠᠯᠠᠪᠳᠠᠨ ᠨᠥᠬᠦᠪᠥᠷᠢᠯᠡᠵᠦ᠂ ᠬᠤᠳᠠ ᠬᠥᠳᠡᠭᠡ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠨᠡᠩ ᠡᠷᠡᠭᠦᠯ᠂ ᠨᠡᠩ ᠵᠣᠯ ᠵᠢᠷᠭᠠᠯ ᠲᠠᠢ ᠴᠢᠨᠠᠷ ᠰᠠᠶᠢᠲᠠᠢ ᠠᠮᠢᠳᠤᠷᠠᠯ ᠢ ᠡᠳ᠋ᠯᠡᠭᠦᠯᠬᠦ ᠬᠡᠷᠡᠭᠲᠡᠢ᠃                                           ᠨᠠᠶᠢᠷᠠᠭᠤᠯᠤᠭᠴᠢ᠄   ᠶᠠᠩ  ᠿᠦᠢ ᠵᠧᠨ                                           ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2