ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 11 ᠳ᠋ᠤᠭᠡᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠵᠢᠴᠢ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/29
    9 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 11 ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠵᠢᠴᠢ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ᠂ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠵᠢᠴᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠡᠷᠬᠢᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂    ᠪᠦᠬᠦ ᠰᠢᠶᠠᠨ ᠢᠶᠠᠷ ᠢᠶᠠᠨ ᠭᠦᠨᠵᠡᠭᠡᠢ ᠰᠤᠷᠤᠯᠴᠠᠨ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ᠂ ︽ᠲᠠᠪᠤᠨ ᠬᠦᠴᠦᠷᠬᠡᠭ ᠰᠢᠶᠠᠨ︾ ᠢ ᠪᠦᠳᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠨᠧᠷᠭᠢ ᠣᠯᠭᠤᠵᠤ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠠᠳᠬᠤᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃    ᠬᠤᠷᠠᠯ ᠤᠨ ᠱᠠᠭᠠᠷᠳᠠᠯᠭ᠎ᠠ    ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠭᠠᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠬᠥᠮᠦᠨ ᠠᠮᠠ ᠶᠢ ᠬᠠᠮᠤᠷᠤᠭᠰᠠᠨ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠪᠠᠶᠢᠩᠭᠤᠵᠢᠭᠤᠯᠤᠨ ᠰᠡᠷᠭᠡᠶᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠲᠦᠷᠦᠯ ᠤᠨ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ︽ᠬᠠᠮᠠᠭᠠᠯᠠᠯᠲᠠ ᠶᠢᠨ ᠲᠣᠣᠷ︾ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠢᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠥᠨᠳᠡᠯᠡᠨ ᠭᠤᠯᠳᠤ ᠪᠠᠷ ᠡᠴᠦᠰ ᠲᠤᠨᠢ ᠲᠤᠯᠲᠠᠯ᠎ᠠ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠦᠨᠡᠨᠬᠦ ᠪᠦᠷᠢᠯᠳᠦᠭᠦᠯᠬᠦ ᠬᠡᠷᠡᠭᠲᠡᠢ᠃                                       ᠨᠠᠶᠢᠷᠠᠭᠤᠯᠤᠭᠴᠢ᠄   ᠶᠠᠩ  ᠿᠦᠢ ᠵᠧᠨ                                       ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2