ᠳᠠᠭ᠎ᠠ ᠶᠢᠨ ᠨᠠᠭᠤᠷ ᠪᠠᠯᠭᠠᠰᠤᠨ ᠤ ᠸᠠᠩ ᠬᠠᠶ ᠨᠡᠶᠢᠭᠡᠮ ᠲᠣᠭᠤᠷᠢᠭ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠢᠶᠠᠷ ᠨᠡᠶᠢᠭᠡᠮ ᠲᠣᠭᠤᠷᠢᠭ ᠢ ᠳᠤᠯᠠᠭᠠᠴᠠᠭᠤᠯᠬᠤ︾ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/3
   ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠰᠠᠶᠢᠨ ᠰᠠᠶᠢᠬᠠᠨ ᠡᠶ᠎ᠡ ᠵᠣᠬᠢᠴᠠᠯ ᠲᠠᠢ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ ᠂ 9 ᠰᠠᠷ᠎ᠠ ᠶᠢᠨ 2 ᠤᠨ ᠡᠳᠦᠷ᠂ ᠳᠠᠭ᠎ᠠ ᠶᠢᠨ ᠨᠠᠭᠤᠷ ᠪᠠᠯᠭᠠᠰᠤᠨ ᠤ ᠸᠠᠩ ᠬᠠᠶ ᠨᠡᠶᠢᠭᠡᠮ ᠲᠣᠭᠤᠷᠢᠭ ᠤᠨ ᠨᠠᠮ ᠤᠨ ᠡᠭᠦᠷ ᠳᠠᠭ᠎ᠠ ᠶᠢᠨ ᠨᠠᠭᠤᠷ ᠤᠨ ᠤᠯᠠᠭᠠᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠲᠤ ᠰᠠᠭᠤᠭ᠎ᠠ ᠠᠵᠢᠯᠯᠠᠬᠤ ᠠᠩᠭᠢ ᠵᠢᠴᠢ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠲᠠᠢ ᠬᠠᠮᠲᠤᠷᠠᠨ ︽ᠨᠠᠢᠮᠠᠨ ᠰᠠᠷ᠎ᠠ ᠶᠢᠨ ᠲᠡᠷᠭᠡᠯ ᠪᠠᠶᠠᠷ ᠳᠦᠭᠦᠷᠴᠦ ᠨᠡᠶᠢᠭᠡᠮ ᠲᠣᠭᠤᠷᠢᠭ ᠢ ᠳᠤᠯᠠᠭᠠᠴᠠᠭᠤᠯᠬᠤ︾ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠰᠤᠲᠠᠶᠢᠴᠤᠳ ᠲᠤ ᠦᠰᠦ ᠵᠠᠰᠠᠬᠤ᠂ ᠭᠡᠷᠡᠯ ᠵᠢᠷᠤᠭ ᠰᠡᠭᠦᠳᠡᠷᠯᠡᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠲᠤ ᠨᠠᠢᠮᠠᠨ ᠰᠠᠷ᠎ᠠ ᠶᠢᠨ ᠲᠡᠷᠭᠡᠯ ᠰᠠᠷᠠᠨ ᠤ ᠶᠧᠪᠡᠩ ᠪᠣᠯᠤᠨ ᠦᠨᠢᠶᠡᠨ ᠰᠦ ᠵᠡᠷᠭᠡ ᠲᠣᠬᠤᠨᠢᠭᠤᠯᠬᠤ ᠪᠣᠳᠠᠰ ᠢ ᠤᠷᠢᠳᠴᠢᠯᠠᠨ ᠬᠦᠷᠭᠡᠵᠦ᠂ ᠪᠠᠶᠠᠷ ᠤᠨ ᠡᠳᠦᠷ ᠤᠨ ᠲᠣᠬᠤᠨᠢᠭᠤᠯᠤᠯ ᠪᠠ ᠵᠥᠩᠨᠡᠯ ᠢᠶᠠᠨ ᠳᠡᠪᠰᠢᠭᠦᠯᠪᠡ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠨ ᠰᠤᠷᠪᠤᠯᠵᠢᠯᠠᠵᠤ ᠂ ᠲᠡᠳᠡᠨ ᠲᠠᠢ ᠬᠦᠯᠢᠴᠡᠩᠭᠦᠢ ᠪᠠᠷ ᠰᠠᠨᠠᠯ ᠢᠶᠠᠨ ᠰᠣᠯᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠳᠤ ᠨᠠᠮ ᠤᠨ ᠬᠠᠯᠠᠮᠵᠢᠯᠠᠯ ᠪᠣᠯᠤᠨ ᠲᠣᠬᠤᠨᠢᠭᠤᠯᠤᠯ ᠢ ᠮᠡᠳᠡᠷᠡᠭᠦᠯᠵᠦ᠂ ᠨᠠᠰᠤᠲᠠᠶᠢᠴᠤᠳ ᠲᠣᠬᠤᠨᠢᠭᠤᠯᠬᠤ ᠪᠣᠳᠠᠰ ᠢ ᠲᠤᠰᠴᠤ᠂ ᠴᠢᠷᠠᠢ ᠳᠤ ᠵᠣᠯ ᠵᠢᠷᠭᠠᠯᠲᠤ ᠢᠨᠢᠶᠡᠮᠰᠦᠭᠯᠡᠯ ᠪᠢᠯᠬᠠᠨ᠎ᠠ᠃
   ᠸᠠᠩ ᠬᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠺᠠᠩ ᠰᠢᠤ ᠮᠧᠢ   ᠤᠳᠠᠯ ᠦᠭᠡᠢ ᠨᠠᠢᠮᠠᠨ ᠰᠠᠷ᠎ᠠ ᠶᠢᠨ ᠲᠡᠷᠭᠡᠯ ᠪᠠᠶᠠᠷ ᠪᠣᠯᠬᠤ ᠭᠡᠵᠦ ᠪᠠᠶᠢᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠪᠢᠳᠡᠨ ᠳᠤ ᠶᠡᠭᠡ ᠰᠠᠶᠢᠨ ᠪᠠᠶᠢᠨ᠎ᠠ᠂ ᠶᠧᠪᠡᠩ᠂ ᠦᠨᠢᠶᠡᠨ ᠰᠦ ᠶᠢ ᠠᠪᠴᠢᠷᠠᠵᠤ ᠥᠭᠴᠡᠢ᠂ ᠭᠠᠳᠠᠭᠰᠢ ᠭᠠᠷᠬᠤ ᠦᠭᠡᠢ ᠪᠠᠷ ᠪᠢᠳᠡᠨ ᠳᠤ ᠭᠡᠵᠢᠭᠡ ᠪᠠᠨ ᠵᠠᠰᠠᠵᠤ ᠥᠭᠬᠦ ᠬᠡᠷᠡᠭ ᠦᠭᠡᠢ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠦᠷ ᠶᠡᠭᠡ ᠬᠠᠯᠠᠭᠤᠨ ᠳᠤᠯᠠᠭᠠᠨ ᠰᠠᠨᠠᠭᠳᠠᠨ᠎ᠠ᠃
      ᠲᠣᠰ ᠤᠳᠠᠭᠠᠨ ᠤ ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠨᠡᠶᠢᠲᠡ 38 ᠬᠤᠪᠢ ᠲᠣᠬᠤᠨᠢᠭᠤᠯᠬᠤ ᠪᠣᠳᠠᠰ ᠲᠠᠷᠬᠠᠭᠠᠵᠤ᠂ ᠨᠡᠶᠢᠭᠡᠮ ᠲᠣᠭᠤᠷᠢᠭ ᠤᠨ ᠠᠵᠢᠯᠲᠠᠨ ᠬᠢᠭᠡᠳ ᠨᠠᠰᠤᠲᠠᠶᠢᠴᠤᠳ ᠤᠨ ᠨᠡᠪᠲᠡᠷᠡᠯᠴᠡᠭᠡ ᠰᠣᠯᠢᠯᠴᠠᠭ᠎ᠠ ᠶᠢ ᠨᠡᠮᠡᠭᠳᠡᠭᠦᠯᠵᠦ᠂ ᠨᠠᠰᠤᠲᠠᠶᠢᠴᠤᠳ ᠤᠨ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠸᠠᠩ ᠬᠠᠢ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠨᠡᠶᠢᠭᠡᠮ ᠲᠣᠭᠤᠷᠢᠭ ᠤᠨ ᠤᠯᠠᠨ ᠲᠦᠮᠡᠨ ᠢ ᠬᠠᠪᠰᠤᠷᠤᠨ ᠬᠠᠯᠠᠮᠵᠢᠯᠠᠵᠤ᠂ ᠰᠡᠳᠬᠢᠯ ᠲᠠᠯᠪᠢᠨ᠂ ᠬᠠᠶᠢᠷ᠎ᠠ ᠰᠡᠳᠬᠢᠯᠭᠡ ᠪᠠᠷ᠂ ᠬᠦᠴᠦᠯᠡᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠰᠠᠭᠤᠭᠠᠯᠢ ᠠᠷᠠᠳ ᠤᠨ ᠳᠣᠲᠣᠨᠣ ᠬᠥᠮᠦᠨ᠂ ᠰᠡᠳᠬᠢᠯ ᠢ ᠮᠡᠳᠡᠭᠴᠢ ᠪᠣᠯᠤᠨ᠎ᠠ᠃                                   ᠨᠠᠶᠢᠷᠠᠭᠤᠯᠤᠭᠴᠢ᠄   ᠴᠧᠨ ᠰᠢᠶᠤᠤ ᠵᠢᠤᠸᠠᠨ                                   ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2