ᠢᠯᠴᠢ ᠬᠠᠩᠭᠠᠬᠤ ᠦᠢᠯᠡᠴᠢᠯᠡᠭᠡ ᠪᠠ ᠵᠠᠭᠠᠯᠳᠤᠯᠭ᠎ᠠ ᠬᠢᠨᠠᠯᠲᠠ ᠲᠠᠯᠪᠢᠬᠤ ᠤᠲᠠᠰᠤ ᠶᠢ ᠨᠡᠶᠢᠲᠡᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/9/4
 ᠯᠢᠶᠠᠩᠴᠧᠩ ᠰᠢᠶᠠᠨ ᠤ ᠬᠤᠲᠠ ᠶᠢᠨ ᠲᠣᠭᠤᠷᠢᠭ ᠤᠨ ᠥᠷᠭᠡᠨ ᠣᠯᠠᠨ ᠬᠡᠷᠡᠭᠯᠡᠭᠴᠢᠳ ᠡ᠄    ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠢᠯᠴᠢ ᠬᠠᠩᠭᠠᠬᠤ ᠬᠡᠷᠡᠭᠯᠡᠭᠴᠢ ᠶᠢᠨ ᠢᠯᠴᠢ ᠬᠠᠩᠭᠠᠬᠤ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠢᠯᠴᠢ ᠬᠠᠩᠭᠠᠬᠤ ᠶᠠᠪᠤᠴᠠ ᠳᠤ ᠲᠤᠯᠭᠠᠷᠠᠭᠰᠠᠨ ᠡᠯ᠎ᠡ ᠲᠥᠷᠥᠯ ᠤᠨ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠤᠰᠠᠳᠠ᠂ ᠡᠳᠦᠭᠡ ᠯᠢᠶᠠᠩᠴᠧᠩ ᠰᠢᠶᠠᠨ ᠤ ᠲᠥᠪᠯᠡᠷᠡᠭᠦᠯᠦᠨ ᠢᠯᠴᠢ ᠬᠠᠩᠭᠠᠬᠤ ᠦᠢᠯᠡᠴᠢᠯᠡᠭᠡᠨ ᠤ ᠳ᠋ᠢᠶᠠᠩᠬᠤᠸᠠ ᠪᠣᠯᠤᠨ ᠵᠠᠭᠠᠯᠳᠤᠯᠭ᠎ᠠ ᠬᠢᠵᠦ ᠬᠢᠨᠠᠯᠲᠠ ᠲᠠᠯᠪᠢᠬᠤ ᠤᠲᠠᠰᠤ ᠶᠢ ᠨᠡᠶᠢᠲᠡᠯᠡᠪᠡ᠃ ᠢᠯᠴᠢ ᠬᠠᠩᠭᠠᠬᠤ ᠡᠷᠦᠬᠡ ᠨᠢ ᠬᠡᠷᠪᠡ ᠢᠯᠴᠢ ᠬᠠᠩᠭᠠᠬᠤ ᠲᠠᠯ᠎ᠠ ᠪᠠᠷ ᠠᠰᠠᠭᠤᠳᠠᠯ ᠪᠠᠶᠢᠪᠠᠯ ᠴᠥᠮ ᠢᠯᠴᠢ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢ ᠴᠠᠭ ᠲᠤᠬᠠᠶ ᠳᠤᠨᠢ ᠤᠲᠠᠰᠤᠳᠠᠵᠤ᠂ ᠢᠯᠴᠢ ᠬᠠᠩᠭᠠᠬᠤ ᠠᠵᠤ ᠠᠬᠤᠶᠢᠯᠠᠯ ᠨᠢ ᠳᠠᠷᠤᠶ ᠲᠦᠷᠭᠡᠨ ᠲᠤᠰᠬᠠᠶ ᠬᠥᠮᠦᠨ ᠲᠣᠮᠢᠯᠠᠨ ᠰᠢᠢᠳᠪᠦᠷᠢᠯᠡᠬᠦ ᠪᠣᠯᠤᠨ᠎ᠠ᠃ ᠬᠡᠷᠪᠡ ᠢᠯᠴᠢ ᠬᠠᠩᠭᠠᠬᠤ ᠠᠵᠤ ᠠᠬᠤᠶᠢᠯᠠᠯ ᠨᠢ ᠲᠤᠰᠬᠠᠭᠰᠠᠨ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠰᠢᠶᠠᠨ ᠤ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ ᠵᠠᠭᠠᠯᠳᠤᠵᠤ ᠪᠣᠯᠤᠨ᠎ᠠ᠂ ᠪᠢᠳᠡ ᠲᠠᠨ ᠳᠤ ᠦᠨᠡᠨᠴᠢ ᠪᠠᠷ ᠦᠢᠯᠡᠴᠢᠯᠡᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠨ᠎ᠠ᠃    ᠢᠯᠴᠢ ᠬᠠᠩᠭᠠᠬᠤ ᠠᠵᠦ ᠠᠬᠤᠶᠢᠯᠠᠯ ᠤᠨ ᠦᠢᠯᠡᠴᠢᠯᠡᠭᠡᠨ ᠤ ᠳ᠋ᠢᠶᠠᠩᠬᠤᠸᠠ     ᠬᠠᠶ ᠰᠢᠩ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄ 0474 - 4206020    ᠯᠦᠩ ᠬᠤᠸᠠ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄ 0474 - 4217373    ᠢᠯᠴᠢ ᠬᠠᠩᠭᠠᠬᠤ ᠵᠠᠭᠠᠯᠳᠤᠯᠭ᠎ᠠ ᠶᠢᠨ ᠬᠢᠨᠠᠯᠲᠠ ᠲᠠᠯᠪᠢᠬᠤ ᠤᠲᠠᠰᠤ ᠯᠢᠶᠠᠩᠴᠧᠩ ᠰᠢᠶᠠᠨ ᠤ ᠬᠤᠲᠠ ᠶᠢᠨ ᠣᠯᠠᠨ  ᠨᠡᠶᠢᠲᠡ ᠶᠢᠨ ᠦᠢᠯᠡᠴᠢᠯᠡᠭᠡᠨ ᠤ ᠲᠥᠪ᠄ 0474 - 4212345                                      ᠣᠨᠴᠠᠭᠠᠶᠢᠯᠠᠨ ᠵᠠᠷᠯᠠᠪᠠ                        2024 ᠣᠨ ᠤ 8 ᠰᠠᠷ᠎ᠠ ᠶᠢᠨ 25 ᠤ ᠡᠳᠦᠷ                                      
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2