ᠯᠢᠶᠠᠩᠴᠧᠩ ᠰᠢᠶᠠᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠦᠭᠰᠡᠨ ᠪᠥᠭᠡᠳ ᠠᠯᠲᠠᠨ ᠤᠯᠤᠰ ᠤᠨ ᠦᠶ᠎ᠡ ᠶᠢᠨ ᠨᠢᠭᠡ ᠪᠠᠭᠤᠷᠢ ᠶᠢ ᠰᠢᠨ᠎ᠡ ᠪᠠᠷ ᠢᠯᠡᠷᠡᠭᠦᠯᠵᠡᠶ︕
ᠨᠡᠶᠢᠲᠡᠯᠡᠭᠰᠡᠨ ᠴᠠᠭ᠄
2024/9/4
 ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠪᠠᠶᠢᠴᠠᠭᠠᠯᠲᠠ ᠪᠣᠯᠬᠤ ᠪᠥᠭᠡᠳ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠠᠶ ᠠᠵᠢᠯ ᠪᠣᠯᠤᠨ᠎ᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠡᠬᠢᠯᠡᠬᠦ ᠶᠢ ᠳᠠᠭᠠᠯᠳᠤᠨ᠂ ᠯᠢᠶᠠᠩᠴᠧᠩ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠰᠣᠶᠣᠯ ᠦᠵᠡᠰᠬᠦᠯᠡᠩ ᠤᠨ ᠬᠦᠷᠢᠶᠡᠨ ᠳᠠᠬᠢ ᠲᠤᠰᠬᠠᠶ ᠮᠡᠷᠭᠡᠵᠢᠯ ᠤᠨ ᠭᠤᠤᠯᠯᠠᠭᠴᠢ ᠬᠦᠴᠦᠨ ᠢ 6 ᠰᠠᠷ᠎ᠠ ᠠᠴᠠ ᠡᠬᠢᠯᠡᠨ ᠪᠥᠬᠦ ᠰᠢᠶᠠᠨ ᠤ ᠬᠡᠪᠴᠢᠶᠡᠨ ᠳᠠᠬᠢ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠬᠠᠶ ᠶᠢᠨ ᠭᠠᠵᠠᠷ ᠤᠨ ᠪᠠᠶᠢᠴᠠᠭᠠᠯᠲᠠ ᠥᠷᠨᠢᠭᠦᠯᠪᠡ᠃
     ᠲᠤᠭ᠎ᠠ ᠪᠠᠷᠢᠮᠲᠠ ᠶᠢ ᠬᠡᠮᠵᠢᠬᠦ᠂ ᠲᠡᠮᠳᠡᠭᠯᠡᠬᠦ᠂ ᠪᠠᠶᠢᠷᠢ ᠲᠣᠭᠲᠠᠭᠠᠬᠤ᠂ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠪᠣᠯ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠭᠡᠰᠢᠭᠦᠳ ᠤᠨ ᠦᠵᠡᠬᠦ ᠳᠤ ᠬᠢᠯᠪᠠᠷ ᠰᠢᠭ ᠪᠣᠯᠪᠠᠴᠤ ᠮᠠᠰᠢ ᠵᠦᠳᠡᠵᠦ ᠶᠠᠳᠠᠷᠠᠭᠰᠠᠨ ᠠᠵᠢᠯ ᠪᠣᠯᠤᠨ᠎ᠠ᠃ ᠤᠶᠢᠷ᠎ᠠ ᠳᠤ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠶᠦᠩ ᠰᠢᠩ ᠪᠠᠯᠭᠠᠰᠤᠨ ᠤ ᠮᠠᠭᠤ ᠪᠤᠯᠠᠭ ᠲᠣᠰᠬᠤᠨ ᠳᠤ ᠭᠦᠨᠵᠡᠭᠡᠶᠢᠷᠡᠵᠦ᠂ ᠣᠷᠣᠨ ᠪᠦᠰᠡ ᠶᠢᠨ ᠳᠣᠲᠣᠷᠠᠬᠢ ᠲᠡᠤᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠪᠠ᠃ ᠵᠥᠪᠬᠡᠨ ᠠᠵᠢᠯᠲᠠᠨ ᠤᠷᠢᠳᠠᠪᠠᠷ ᠵᠢᠯᠣᠭᠤᠴᠢ ᠥᠬᠡᠶ ᠮᠠᠰᠢᠨ᠂ ᠭᠠᠷ ᠦᠵᠦᠭᠦᠷ ᠵᠡᠷᠭᠡ ᠲᠥᠬᠦᠭᠡᠷᠦᠮᠵᠢ ᠶᠢ ᠠᠰᠢᠭᠯᠠᠨ ᠪᠠᠭᠤᠷᠢ ᠳᠤ ᠳᠠᠭᠠᠭᠤᠯᠢ ᠣᠳᠣᠨ ᠤ ᠪᠠᠶᠢᠷᠢ ᠲᠣᠭᠲᠠᠭᠠᠯᠲᠠ ᠬᠢᠵᠦ᠂ ᠪᠠᠭᠤᠷᠢ ᠶᠢᠨ ᠲᠣᠰ ᠪᠡᠶ᠎ᠡ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠵᠤ᠂ ᠬᠡᠷᠡᠯ ᠵᠢᠷᠤᠭ ᠠᠪᠬᠤ ᠵᠡᠷᠭᠡ ᠲᠤᠭ᠎ᠠ ᠪᠠᠷᠢᠮᠲᠠ ᠶᠢ ᠴᠤᠭᠯᠠᠭᠤᠯᠵᠤ ᠣᠷᠣᠭᠤᠯᠵᠤ ᠪᠠᠶᠢᠨ᠎ᠠ᠃ ᠶᠠᠪᠠᠭᠠᠨ ᠢᠶᠠᠷ ᠲᠤᠬᠠᠶ ᠶᠢᠨ ᠲᠠᠯᠠᠪᠤᠷ ᠲᠤ ᠤᠷᠤᠭᠰᠠᠨ ᠤ ᠳᠠᠷᠠᠭ᠎ᠠ ᠦᠯᠢᠭᠡᠷ ᠬᠡᠪ ᠴᠤᠭᠯᠠᠭᠤᠯᠵᠤ᠂ ᠦᠯᠢᠭᠡᠷ ᠬᠡᠪ ᠢᠶᠠᠷ ᠳᠠᠮᠵᠢᠭᠤᠯᠤᠨ ᠪᠠᠭᠤᠷᠢ ᠳᠤ ᠦᠶ᠎ᠡ ᠲᠠᠰᠤᠯᠠᠵᠤ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠪᠠ᠃ ᠬᠡᠭᠡᠷ᠎ᠡ ᠭᠠᠳᠠᠨ᠎ᠠ ᠪᠠᠶᠢᠴᠠᠭᠠᠯᠲᠠ ᠬᠢᠭᠰᠡᠨ ᠤ ᠳᠠᠷᠠᠭ᠎ᠠ᠂ ᠠᠵᠢᠯᠯᠠᠬᠤ ᠲᠠᠰᠤᠭ ᠪᠠᠰᠠ ᠨᠡᠶᠢᠳᠡᠮ ᠪᠠᠶᠢᠴᠠᠭᠠᠯᠲᠠ ᠶᠢᠨ ᠪᠠᠭᠤᠷᠢ ᠶᠢᠨ ᠬᠡᠪ ᠵᠠᠭᠪᠤᠷ ᠢ ᠢᠯᠭᠠᠷᠠᠭᠤᠯᠤᠨ ᠲᠢᠭᠯᠡᠬᠦ᠂ ᠳᠡᠩᠰᠡᠯᠡᠨ ᠲᠡᠮᠳᠡᠭᠯᠡᠬᠦ᠂ ᠬᠥᠮᠥᠷᠭᠡ ᠳᠤ ᠣᠷᠣᠭᠤᠯᠬᠤ ᠪᠠ ᠲᠠᠪᠴᠠᠩ ᠤᠨ ᠰᠢᠰᠲ᠋ᠧᠮ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠠᠭᠤᠯᠭ᠎ᠠ ᠨᠢ ᠪᠠᠭᠤᠷᠢ ᠶᠢ ᠲᠠᠭᠯᠠᠨ ᠪᠢᠴᠢᠬᠦ ᠳᠠᠩᠰᠠᠯᠠᠯ ᠤᠨ ᠬᠦᠰᠦᠨᠦᠭᠲᠦ᠂ ᠪᠠᠭᠤᠷᠢ ᠶᠢᠨ ᠬᠠᠪᠲᠠᠭᠠᠢ ᠶᠢᠨ ᠵᠢᠷᠤᠭ᠂ ᠪᠠᠭᠤᠷᠢ ᠶᠢᠨ ᠬᠡᠪᠴᠢᠶᠡᠨ ᠤ ᠸᠧᠺᠲ᠋ᠣᠷ ᠵᠢᠷᠤᠭ᠂ ᠪᠠᠭᠤᠷᠢ ᠶᠢᠨ ᠬᠡᠪᠴᠢᠶᠡᠨ ᠤ ᠸᠧᠺᠲ᠋ᠣᠷ ᠵᠢᠷᠤᠭ ᠢ ᠵᠢᠷᠤᠵᠤ ᠳᠠᠭᠤᠰᠬᠠᠬᠤ ᠶᠢᠨ ᠬᠠᠮᠲᠤ ᠪᠣᠶ ᠪᠥᠬᠦᠶ ᠬᠡᠷᠡᠯ ᠵᠢᠷᠤᠭ ᠢ ᠳᠡᠭᠡᠭᠰᠢ ᠳᠠᠮᠵᠢᠭᠤᠯᠵᠤ᠂ ᠳᠡᠭᠡᠷᠡᠬᠢ ᠠᠵᠢᠯ ᠢ ᠪᠡᠶᠡᠯᠡᠭᠦᠯᠦᠭᠰᠡᠨ ᠤ ᠳᠠᠷᠠᠭ᠎ᠠ ᠮᠤᠵᠢ ᠶᠢᠨ ᠱᠠᠲᠤᠨ ᠤ ᠲᠠᠪᠴᠠᠩ ᠳᠤ ᠴᠠᠭ ᠲᠤᠬᠠᠶ ᠳᠤᠨᠢ ᠲᠤᠭ᠎ᠠ ᠪᠠᠷᠢᠮᠲᠠ ᠳᠠᠮᠵᠢᠭᠤᠯᠬᠤ ᠬᠡᠷᠡᠭᠲᠡᠶ᠃
      ᠯᠢᠶᠠᠩᠴᠧᠩ ᠰᠢᠶᠠᠨ ᠳᠤ ᠥᠨᠢ ᠤᠳᠠᠭᠠᠨ ᠲᠡᠦᠬᠡ ᠰᠣᠶᠣᠯ ᠲᠠᠢ᠂ ᠣᠲᠣ 574 ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠲᠠᠢ᠂ ᠡᠭᠦᠨ ᠳᠤ ᠶᠤᠸᠠᠨ ᠽᠢ ᠭᠧᠤ᠂ ᠸᠠᠩ ᠤᠨ ᠣᠩᠭᠤᠨ ᠪᠣᠯᠤᠨ ᠯᠣᠣ ᠬᠤ᠋ ᠱᠠᠨ ᠵᠡᠷᠭᠡ ᠭᠤᠷᠪᠠᠨ ᠶᠡᠭᠡ ᠪᠠᠭᠤᠷᠢ ᠪᠠᠷ ᠪᠦᠷᠢᠯᠳᠦᠭᠰᠡᠨ ᠳᠠᠭ᠎ᠠ ᠶᠢᠨ ᠨᠠᠭᠤᠷ ᠤᠨ ᠪᠠᠭᠤᠷᠢ ᠨᠢ ᠪᠥᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠶᠢᠵᠤ᠂ ᠬᠠᠨ ᠤᠯᠤᠰ ᠤᠨ ᠣᠷᠳᠣ ᠴᠠᠭᠠᠨ ᠬᠡᠷᠡᠮ᠂ ᠮᠢᠩ ᠤᠯᠤᠰ ᠤᠨ ᠣᠷᠳᠣ ᠴᠠᠭᠠᠨ ᠬᠡᠷᠡᠮ᠂ ᠽᠦᠸᠧ ᠸᠧᠶ ᠶᠣᠣ ᠶᠢᠨ ᠡᠷᠲᠡᠨ ᠤ ᠬᠤᠲᠠ ᠵᠡᠷᠭᠡ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ 8 ᠬᠠᠮᠠᠭᠠᠯᠠᠯᠲᠠ ᠶᠢᠨ ᠨᠢᠭᠡᠴᠡ ᠪᠠᠶᠢᠵᠤ᠂ ᠰᠦᠢ ᠨᠠᠨ ᠣᠷᠣᠨ ᠤ ᠨᠠᠮ ᠤᠨ ᠬᠤᠷᠢᠶ᠎ᠠ ᠶᠢᠨ ᠬᠠᠭᠤᠴᠢᠨ ᠪᠠᠭᠤᠷᠢ᠂ ᠲᠣᠮᠣ ᠡᠷᠲᠡᠨ ᠤ ᠬᠤᠲᠠ ᠶᠢᠨ ᠪᠠᠭᠤᠷᠢ ᠵᠡᠷᠭᠡ ᠬᠤᠲᠠ ᠶᠢᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ 5 ᠪᠠᠶᠢᠨ᠎ᠠ᠃
       ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ ᠂ ᠪᠠᠭᠤᠷᠢ ᠶᠢᠨ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠴᠢᠩᠭ᠎ᠠ ᠨᠢᠮᠪᠠᠶ ᠪᠡᠶᠡᠯᠡᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠣᠮᠣ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠰᠣᠶᠣᠯ ᠤᠨ ᠥᠪ ᠢ ᠰᠠᠶᠢᠲᠤᠷ ᠰᠠᠬᠢᠨ ᠬᠠᠮᠠᠭᠠᠯᠠᠨ᠎ᠠ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2