ᠲᠠᠭ᠎ᠠ ᠶᠢᠨ ᠨᠠᠭᠤᠷ ᠨᠢ ᠡᠯ᠎ᠡ ᠭᠠᠵᠠᠷ ᠤᠨ ᠵᠢᠭᠤᠯᠴᠢᠯᠠᠭᠴᠢᠳ ᠤᠨ ᠵᠤᠭᠠᠴᠠᠯ ᠤᠨ ᠳᠠᠷᠬᠠᠨ ᠣᠷᠣᠨ ᠪᠣᠯᠵᠠᠢ
ᠨᠡᠶᠢᠲᠡᠯᠡᠭᠰᠡᠨ ᠴᠠᠭ᠄
2024/9/4
  ᠭᠤᠶᠣ ᠦᠵᠡᠮᠵᠢ ᠰᠣᠨᠢᠷᠬᠠᠵᠤ᠂ ᠠᠮᠲᠠᠲᠤ ᠢᠳᠡᠭᠡᠨ ᠠᠮᠲᠠᠯᠠᠵᠤ᠂ ᠲᠣᠭᠯᠠᠯᠲᠠ ᠰᠣᠨᠢᠷᠬᠠᠳᠠᠭ᠃ 8 ᠰᠠᠷ᠎ᠠ ᠶᠢᠨ 23 ᠤ ᠡᠳᠦᠷ ᠠᠴᠠ 30 ᠤ ᠡᠳᠦᠷ ᠪᠣᠯᠲᠠᠯ᠎ᠠ᠂ 2024 ᠣᠨ ᠤ ︽ᠳᠠᠭ᠎ᠠ ᠶᠢᠨ ᠨᠠᠭᠤᠷ ᠤᠨ ᠵᠤᠨ︾ ᠰᠣᠶᠣᠯ ᠤᠨ ᠠᠵᠢᠯᠯᠠᠭ᠎ᠠ ᠶᠢᠨ ᠭᠠᠷᠠᠭ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠳᠤ ᠶᠠᠪᠤᠭᠳᠠᠪᠠ᠃ ᠥᠪᠡᠷᠮᠢᠴᠡ ᠪᠠᠶᠢᠭᠠᠯᠢ ᠶᠢᠨ ᠦᠵᠡᠮᠵᠢ ᠪᠠ ᠲᠠᠰᠤᠷᠠᠯᠲᠠ ᠦᠭᠡᠢ ᠢᠯᠭᠠᠷᠠᠭᠰᠠᠨ ᠠᠮᠢ ᠠᠬᠤᠢ ᠶᠢᠨ ᠠᠰᠢᠭ ᠲᠤᠰᠠ ᠳᠤ ᠲᠦᠰᠢᠭᠯᠡᠨ ᠂ ᠯᠢᠶᠠᠩᠴᠧᠩ ᠰᠢᠶᠠᠨ ᠤ ᠰᠠᠶᠢᠨ ᠰᠠᠶᠢᠬᠠᠨ ᠦᠵᠡᠮᠵᠢ ᠨᠢ ᠰᠠᠶᠢᠨ ︽ᠵᠣᠭᠤᠰ︾ ᠤᠨ ᠦᠵᠡᠮᠵᠢ ᠪᠣᠯᠤᠭᠰᠠᠨ ᠪᠠᠶᠢᠨ᠎ᠠ᠃
      ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠰᠢᠶᠠᠨ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠤᠶᠢᠯᠡᠳᠤᠯᠭᠡᠵᠢᠭᠦᠯᠵᠦ᠂ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠶ ᠣᠯᠵᠤ᠂ ᠠᠮᠢ ᠠᠬᠤᠢ ᠶᠢᠨ ᠰᠠᠭᠤᠷᠢ ᠥᠩᠭᠡ ᠶᠢ ᠦᠷᠭᠦᠯᠵᠢᠯᠡᠨ ᠭᠡᠷᠡᠯᠳᠦᠭᠦᠯᠪᠡ᠃ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠠᠷᠭ᠎ᠠ ᠬᠡᠮᠵᠢᠶ᠎ᠡ ᠶᠢᠨ ᠵᠢᠯᠣᠭᠤᠳᠣᠯᠭ᠎ᠠ ᠳᠣᠤᠷ᠎ᠠ᠂ ︽ᠨᠠᠮ ᠤᠨ ᠡᠭᠦᠷ ᠤᠨ ᠨᠠᠮ ᠤᠨ ᠭᠡᠰᠢᠭᠦᠨ + ᠣᠯᠠᠨ ᠲᠦᠮᠡᠨ︾ ᠭᠤᠤᠯ ᠮᠥᠷᠡᠨ ᠤ ᠬᠠᠮᠢᠶᠠᠷᠤᠯᠲᠠ ᠬᠠᠮᠠᠭᠠᠯᠠᠯᠲᠠ ᠶᠢᠨ ᠭᠤᠷᠪᠠᠨ ᠱᠠᠲᠤᠨ ᠤ ᠰᠢᠰᠲ᠋ᠧᠮ ᠢ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠭᠴᠢ᠂ ᠤᠬᠠᠭᠤᠯᠤᠭᠴᠢ᠂ ᠬᠢᠨᠠᠯᠲᠠ ᠲᠠᠯᠪᠢᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠤᠯ ᠮᠥᠷᠡᠨ ᠢ ᠲᠣᠭᠤᠷᠢᠨ ᠪᠠᠶᠢᠴᠠᠭᠠᠬᠤ᠂ ᠭᠤᠤᠯ ᠮᠥᠷᠡᠨ ᠢ ᠴᠡᠪᠡᠷᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠢᠶᠠᠨ ᠤ ᠬᠡᠪᠴᠢᠶᠡᠨ ᠳᠠᠬᠢ ᠭᠤᠤᠯ ᠮᠥᠷᠡᠨ ᠨᠠᠭᠤᠷ ᠴᠥᠭᠦᠷᠥᠮ ᠪᠠ ᠤᠰᠤᠨ ᠤ ᠠᠮᠢ ᠠᠬᠤᠶ ᠶᠢᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠬᠦᠴᠦᠯᠡᠨ ᠠᠬᠢᠭᠤᠯᠪᠠ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠣᠢ ᠰᠢᠭᠤᠢ ᠡᠪᠡᠰᠦ ᠪᠡᠯᠴᠢᠭᠡᠷ ᠤᠨ ᠪᠦᠷᠬᠦᠴᠡ ᠥᠪᠥᠷ ᠮᠣᠩᠭᠤᠯ ᠤᠨ ᠡᠮᠦᠨ᠎ᠡ ᠡᠩᠨᠡᠭᠡᠨ ᠳᠤ ᠣᠷᠣᠵᠤ᠂ ᠤᠯᠠᠭᠠᠨᠴᠠᠪ ᠬᠤᠲᠠ ᠶᠢᠨ ᠲᠡᠷᠢᠭᠦᠨ ᠳᠤ ᠣᠷᠣᠵᠤ᠂ ᠦᠨᠡᠨ ᠬᠦ ︽ᠤᠮᠠᠷᠠᠲᠤ ᠬᠢᠯᠢ ᠶᠢᠨ ᠨᠣᠭᠤᠭᠠᠨ ᠠᠭᠤᠰᠬᠢ᠂ ᠠᠮᠢ ᠠᠬᠤᠢ ᠶᠢᠨ ᠬᠦᠴᠢᠯᠲᠥ᠋ᠷᠥᠭᠴᠢ ᠶᠢᠨ ᠪᠠᠭᠠᠷ︾ ᠪᠣᠯᠬᠤ ᠬᠡᠷᠡᠭᠲᠡᠢ᠃    ᠰᠠᠶᠢᠨ ᠰᠠᠶᠢᠬᠠᠨ ᠠᠮᠢ ᠠᠬᠤᠶ ᠳᠤ ᠰᠠᠭᠤᠷᠢᠯᠠᠵᠤ᠂ ᠳᠠᠭ᠎ᠠ ᠶᠢᠨ ᠨᠠᠭᠤᠷ᠂ ᠡᠯ ᠯᠦᠩ ᠰᠢ ᠲᠠᠢ ᠶᠢᠨ ᠤᠯᠤᠰ ᠤᠨ ᠤᠢ ᠰᠢᠭᠤᠶ ᠶᠢᠨ ᠴᠡᠴᠡᠷᠯᠢᠭ ᠵᠡᠷᠭᠡ ᠡᠬᠢ ᠪᠠᠶᠠᠯᠢᠭ ᠲᠤ ᠲᠦᠰᠢᠭᠯᠡᠨ᠂ ᠯᠢᠶᠠᠩᠴᠧᠩ ᠰᠢᠶᠠᠨ ᠶᠠᠭ ᠨᠢᠭᠡᠳᠦᠭᠡᠷ ᠤᠯᠠᠷᠢᠯ ᠤᠨ ᠵᠤᠭᠠᠴᠠᠯ ᠠᠴᠠ ᠳᠥᠷᠪᠡᠨ ᠤᠯᠠᠷᠢᠯ ᠤᠨ ᠵᠤᠭᠠᠴᠠᠯ ᠲᠡᠰᠢ ᠲᠦᠷᠭᠡᠨ ᠬᠤᠪᠢᠷᠠᠵᠤ ᠪᠠᠶᠢᠨ᠎ᠠ᠃ 2023 ᠣᠨ ᠳᠤ᠂ ᠯᠢᠶᠠᠩᠴᠧᠩ ᠰᠢᠶᠠᠨ ᠤᠯᠤᠰ ᠤᠨ ᠣᠷᠴᠢᠨ ᠲᠣᠭᠤᠷᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠰᠢᠶᠠᠨ ᠤ ᠬᠤᠲᠠ ᠪᠠᠷ ᠰᠣᠩᠭᠤᠭᠳᠠᠵᠤ᠂ ᠥᠪᠥᠷ ᠮᠣᠩᠭᠤᠯ ᠤᠨ ᠠᠩᠬᠠᠳᠠᠭᠴᠢ ᠲᠤᠷᠰᠢᠯᠲᠠ ᠶᠢᠨ ᠴᠡᠭ ᠪᠣᠯᠪᠠ᠃ ᠡᠭᠦᠨ ᠤ ᠬᠠᠮᠲᠤ᠂ ᠰᠠᠶᠢᠨ ᠰᠠᠶᠢᠬᠠᠨ ᠠᠮᠢ ᠠᠬᠤᠢ ᠶᠢᠨ ᠲᠤᠯᠭᠠᠭᠤᠷᠢᠯᠠᠯ ᠪᠣᠯᠵᠤ᠂ ᠯᠢᠶᠠᠩᠴᠧᠩ ᠰᠢᠶᠠᠨ ︽ᠯᠢᠶᠠᠩᠴᠧᠩ ᠤᠨ ᠬᠠᠭᠤᠷᠠᠢ ᠠᠮᠤ ᠪᠤᠳᠠᠭ᠎ᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠴᠦ᠂ ᠪᠦᠬᠦ ᠰᠢᠶᠠᠨ ᠤ 90 ᠭᠠᠷᠤᠢ ᠲᠦᠮᠡᠨ ᠮᠦ ᠲᠠᠷᠢᠶᠠᠨ ᠭᠠᠵᠠᠷ ᠢ ᠤᠯᠤᠰ ᠤᠨ ᠪᠣᠬᠢᠷᠲᠤᠯ ᠦᠭᠡᠢ ᠭᠠᠷᠤᠯᠲᠠ ᠶᠢᠨ ᠭᠠᠵᠠᠷ ᠤᠨ ᠭᠡᠷᠡᠴᠢᠯᠡᠯ ᠢᠶᠠᠷ ᠳᠠᠮᠵᠢᠭᠤᠯᠵᠤ᠂ 6 ᠲᠦᠮᠡᠨ ᠮᠦ ᠲᠠᠷᠢᠶᠠᠨ ᠭᠠᠵᠠᠷ ᠢ ᠤᠯᠤᠰ ᠤᠨ ᠣᠷᠭᠠᠨᠢᠭ ᠭᠠᠷᠤᠯᠲᠠ ᠶᠢᠨ ᠭᠠᠵᠠᠷ ᠢᠶᠠᠷ ᠮᠠᠭᠠᠳᠯᠠᠨ ᠲᠣᠭᠲᠠᠭᠠᠪᠠ᠃    ᠨᠣᠭᠤᠭᠠᠨ ᠥᠩᠭᠡᠲᠦ ᠬᠠᠮᠲᠤ ᠶᠠᠪᠤᠪᠠᠯ ᠰᠠᠶᠢ ᠨᠣᠭᠤᠭᠠᠨ ᠪᠠᠶᠠᠨ ᠬᠠᠮᠲᠤ ᠮᠠᠨᠳᠤᠬᠤ ᠪᠣᠯᠤᠨ᠎ᠠ᠃ ᠠᠭᠤᠯᠠᠨ ᠳᠤ ᠬᠠᠮᠢᠶᠠᠷᠬᠤ ᠬᠥᠮᠦᠨ ᠲᠠᠢ᠂ ᠣᠶ ᠰᠢᠭᠤᠶ ᠶᠢ ᠬᠠᠮᠠᠭᠠᠯᠠᠬᠤ ᠬᠥᠮᠦᠨ ᠲᠠᠢ᠂ ᠤᠰᠤ ᠶᠢ ᠵᠠᠰᠠᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ ᠯᠢᠶᠠᠩᠴᠧᠩ ᠰᠢᠶᠠᠨ ᠤ ᠠᠮᠢ ᠠᠬᠤᠶ ᠶᠠᠭ ᠡᠵᠡᠩᠨᠡᠯᠲᠡ ᠶᠢᠨ ᠬᠡᠯᠪᠡᠷᠢ ᠪᠠᠶᠢᠳᠠᠯ ᠢ ᠳᠠᠶᠢᠴᠢᠯᠠᠨ ᠮᠠᠨᠳᠤᠭᠤᠯᠵᠤ᠂ ᠠᠷᠠᠳ ᠣᠯᠠᠨ ᠲᠩᠷᠢ ᠨᠢ ᠴᠡᠯᠮᠡᠭ ᠭᠠᠵᠠᠷ ᠨᠢ ᠨᠣᠭᠤᠭᠠᠨ ᠤᠰᠤ ᠨᠢ ᠲᠤᠩᠭᠠᠯᠠᠭ ᠪᠠᠶᠢᠬᠤ ᠶᠢᠨ ᠬᠠᠮᠲᠤ ᠠᠮᠢᠳᠤᠷᠠᠯ ᠶᠠᠪᠤᠬᠤ ᠲᠤᠲᠤᠮ ᠥᠭᠡᠳᠡᠯᠡᠵᠦ ᠪᠠᠶᠢᠨ᠎ᠠ᠃                                         ᠨᠠᠶᠢᠷᠠᠭᠤᠯᠤᠭᠴᠢ᠄   ᠶᠠᠩ  ᠿᠦᠢ ᠵᠧᠨ                                         ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2