1 ᠰᠠᠷ᠎ᠠ ᠶᠢᠨ 9 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢᠦ | ᠵᠢᠶᠠᠨ ᠫᠢᠩ ᠨᠠᠷ ᠬᠠᠪᠰᠤᠷᠤᠨ ᠲᠡᠳᠬᠦᠬᠦ ᠲᠣᠰᠬᠤᠨ ᠤ ᠬᠤᠸᠠ ᠵᠢᠶᠠ ᠶᠣᠣ ᠲᠣᠰᠬᠤᠨ ᠳᠤ ᠬᠦᠷᠴᠦ ᠡᠷᠬᠢᠨ | ᠦᠵᠡᠵᠦ ᠲᠣᠬᠤᠨᠢᠭᠤᠯᠬᠤ ᠵᠢᠴᠢ ᠪᠡᠯᠡᠭᠯᠡᠨ ᠬᠦᠷᠭᠡᠬᠦ ᠠᠵᠢᠯᠯᠠᠭ᠎ᠠ ᠥᠷᠨᠢᠭᠦᠯᠵᠦ᠂ ᠬᠤᠸᠠ ᠵᠢᠶᠠ ᠶᠣᠣ ᠲᠣᠰᠬᠤᠨ ᠤ | ᠠᠷᠠᠳ ᠲᠤ ᠦᠨᠡᠨ ᠰᠡᠳᠬᠢᠯ ᠤᠨ ᠬᠠᠶᠢᠷ᠎ᠠ ᠬᠠᠯᠠᠮᠵᠢ ᠶᠢ ᠬᠦᠷᠭᠡᠪᠡ᠃ | ᠲᠣᠬᠤᠨᠢᠭᠤᠯᠬᠤ ᠳᠤᠭᠤᠶᠢᠯᠠᠩ ᠤᠨ ᠬᠢᠨ ᠬᠠᠪᠰᠤᠷᠤᠨ ᠲᠡᠳᠬᠦᠬᠦ ᠴᠡᠭ ᠤᠨ ᠯᠢᠶᠠᠩᠴᠧᠩ ᠰᠢᠶᠠᠨ ᠤ ᠬᠤᠸᠠ | ᠵᠢᠶᠠ ᠶᠣᠣ ᠲᠣᠰᠬᠤᠨ ᠳᠤ ᠬᠦᠷᠴᠦ᠂ ᠲᠣᠰᠬᠤᠨ ᠤ ᠬᠤᠶᠠᠷ ᠵᠥᠪᠯᠡᠯ᠂ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠲᠠᠢ ᠶᠠᠷᠢᠯᠴᠠᠵᠤ᠂ ᠬᠤᠸᠠ ᠵᠢᠶᠠ ᠶᠣᠣ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠰᠢᠢᠳᠪᠦᠷᠢᠯᠡᠬᠦ ᠴᠢᠬᠤᠯᠠᠲᠠᠢ | ᠠᠰᠠᠭᠤᠳᠠᠯ ᠪᠣᠯᠤᠨ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠤᠯᠠᠨ ᠲᠦᠮᠡᠨ ᠵᠡᠷᠭᠡ ᠨᠠᠷᠢᠨ ᠪᠠᠶᠢᠳᠠᠯ ᠢ | ᠨᠠᠷᠢᠨ ᠣᠶᠢᠯᠠᠭᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠪᠠ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠰᠡᠳᠬᠢᠴᠡ ᠪᠣᠯᠤᠨ ᠠᠷᠭᠠᠴᠠᠬᠤ ᠪᠤᠳᠤᠯᠭ᠎ᠠ ᠶᠢ | ᠵᠥᠪᠳᠡᠯᠴᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠪᠥᠬᠦ | ᠲᠣᠰᠬᠤᠨ ᠤ 183 ᠪᠠᠶᠢᠩᠭᠤ ᠰᠠᠭᠤᠭ᠎ᠠ ᠡᠷᠦᠬᠡ ᠳᠤ ᠬᠥᠨᠵᠢᠯᠡ ᠳᠡᠪᠢᠰᠬᠡᠷ ᠬᠦᠷᠭᠡᠵᠦ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠰᠢᠩ ᠬᠤᠸᠠ ᠶᠤᠸᠠᠨ | ᠢᠳᠡᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠠᠨ | ᠵᠢᠶᠦ᠋ᠨ ᠴᠠᠩ ᠰᠠᠭᠤᠭᠠᠯᠢ ᠡᠷᠦᠬᠡ ᠳᠤ ᠳᠣᠲᠣᠷ ᠬᠤᠪᠴᠠᠰᠤ ᠵᠡᠷᠭᠡ ᠲᠣᠬᠤᠨᠢᠭᠤᠯᠬᠤ ᠪᠣᠳᠠᠰ ᠬᠠᠨᠳᠢᠪᠯᠠᠪᠠ᠃ | ᠲᠣᠬᠤᠨᠢᠭᠤᠯᠬᠤ ᠳᠤᠭᠤᠶᠢᠯᠠᠩ ᠤᠨ ᠬᠢᠨ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠤ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠵᠢᠴᠢ ᠬᠦᠴᠢᠷᠳᠡᠯ ᠢ ᠣᠶᠢᠯᠠᠭᠠᠵᠤ᠂ ᠲᠡᠳᠡᠨ ᠢ ᠪᠡᠶ᠎ᠡ ᠪᠠᠨ ᠭᠠᠮᠨᠠᠵᠤ᠂ ᠠᠮᠢᠳᠤᠷᠠᠯ ᠤᠨ ᠳᠤᠮᠳᠠ | ᠠᠰᠠᠭᠤᠳᠠᠯ ᠲᠤᠯᠭᠠᠷᠠᠪᠠᠯ ᠴᠠᠭ ᠲᠤᠬᠠᠢ ᠳᠤᠨᠢ ᠬᠠᠷᠢᠯᠴᠠᠬᠤ ᠶᠢᠨ ᠬᠠᠮᠲᠤ ᠲᠡᠳᠡᠨ ᠢ ᠢᠲᠡᠭᠡᠯ ᠵᠣᠷᠢᠭ ᠢᠶᠠᠨ | ᠪᠠᠲᠤᠳᠬᠠᠵᠤ᠂ ᠪᠠᠶᠠᠵᠢᠨ ᠴᠢᠨᠡᠭᠡᠯᠢᠭᠵᠢᠬᠦ ᠵᠠᠮ ᠢ ᠢᠳᠡᠪᠬᠢᠲᠡᠢ ᠡᠷᠢᠯᠬᠢᠯᠡᠬᠦ ᠶᠢ ᠵᠠᠬᠢᠪᠠ᠃ | ᠳᠠᠷᠠᠭᠠᠴᠢ ᠶᠢᠨ ᠠᠯᠬᠤᠮ ᠳᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠥᠩᠭᠡᠷᠡᠭᠰᠡᠨ ᠲᠠᠢ ᠪᠠᠨ ᠠᠳᠠᠯᠢ ᠪᠠᠷ ᠲᠣᠰᠬᠤᠨ ᠢ ᠬᠠᠪᠰᠤᠷᠤᠨ ᠲᠡᠳᠬᠦᠬᠦ | ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠲᠤᠰ ᠪᠡᠶ᠎ᠡ ᠶᠢᠨ | ᠳᠠᠪᠠᠭᠤᠯᠢᠭ ᠢ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠬᠡᠵᠡᠢ᠃ | ᠨᠠᠶᠢᠷᠠᠭᠤᠯᠤᠭᠴᠢ᠄ ᠴᠧᠨ ᠰᠢᠶᠤᠤ ᠵᠢᠤᠸᠠᠨ | ᠤᠷᠴᠢᠭᠤᠯᠤᠭᠴᠢ ᠄ ᠼᠦᠢ ᠴᠢᠩ | | |