ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/12
   ︵2025 ᠣᠨ ᠤ 1 ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠠᠴᠠ ᠪᠠᠲᠤᠯᠠᠪᠠ︶    2025 ᠣᠨ ᠤ 1 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠰᠢᠶᠠᠨ ᠤ ᠺᠢᠨᠣ᠋ ᠵᠦᠴᠦᠭᠡ ᠶᠢᠨ ᠬᠦᠷᠢᠶᠡᠯᠡᠩ ᠳᠤ ᠬᠤᠷᠠᠯᠳᠤᠪᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 10 ᠤ ᠡᠳᠦᠷ ᠬᠤᠷᠠᠯᠳᠤᠪᠠ᠃    ᠡᠨᠡ ᠤᠳᠠᠭᠠᠨ ᠤ ᠬᠤᠷᠠᠯ ᠳᠤ ᠰᠢᠶᠠᠨ ᠤ ᠨᠠᠮ ᠤᠨ ᠬᠤᠷᠢᠶᠠᠨ ᠤ ᠭᠡᠰᠢᠭᠦᠨ 30 ᠬᠥᠮᠦᠨ᠂ ᠣᠷᠣᠯᠠᠭᠴᠢ ᠭᠡᠰᠢᠭᠦᠨ 8 ᠬᠥᠮᠦᠨ ᠣᠷᠣᠯᠴᠠᠪᠠ᠃ ᠰᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠤ᠂ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠪᠥᠬᠦᠳᠡ ᠬᠤᠷᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ ᠲᠤᠰ ᠲᠤᠰ ᠶᠠᠷᠢᠶ᠎ᠠ ᠲᠠᠯᠪᠢᠪᠠ᠃    ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠶᠠᠷᠢᠶ᠎ᠠ ᠲᠠᠯᠪᠢᠪᠠ    ᠪᠥᠬᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠪᠥᠬᠦᠳᠡ ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠢᠭᠡ ᠭᠤᠤᠯ ᠰᠢᠵᠢᠮ ᠤᠨ ᠲᠣᠭᠤᠷᠢᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠬᠦᠴᠦᠷᠬᠡᠭ ᠰᠢᠶᠠᠨ︾ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠵᠤ᠂ ︽ᠬᠤᠶᠠᠷ ᠢ ᠬᠠᠮᠠᠭᠠᠯᠠᠬᠤ︾ ᠶᠢ ᠤᠶᠢᠯᠡᠳᠤᠯᠭᠡᠵᠢᠭᠦᠯᠦᠨ‌ᠨᠠᠩ ᠡᠷᠡᠰ ᠪᠠᠲᠤ ᠪᠣᠯᠭᠠᠵᠤ᠂ ᠬᠤᠶᠠᠷ ᠶᠡᠭᠡ ᠶᠠᠪᠤᠳᠠᠯ ᠪᠣᠳᠠᠲᠤ ᠦᠷ᠎ᠡ ᠪᠦᠲᠦᠮᠵᠢ ᠣᠯᠵᠤ᠂ ᠠᠵᠤ  ᠤᠶᠢᠯᠡᠰ ᠤᠨ ᠬᠥᠭᠵᠢᠯᠲᠡ ᠶᠢᠨ ᠪᠠᠶᠢᠳᠠᠯ ᠴᠢᠩᠭ᠎ᠠ ᠪᠣᠯᠵᠣ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠡᠯᠪᠡᠭ ᠪᠠᠶᠠᠯᠢᠭ ᠦᠷ᠎ᠡ ᠪᠦᠲᠦᠮᠵᠢ ᠣᠯᠵᠤ᠂ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ  ᠵᠤᠶᠢᠯ ᠤᠨ ᠠᠵᠢᠯ  ᠤᠶᠢᠯᠡᠰ‌ᠥᠷᠨᠢᠩᠭᠦᠶ ᠬᠥᠭᠵᠢᠪᠡ ᠭᠡᠵᠦ ᠰᠠᠨᠠᠯ ᠨᠢᠭᠡᠲᠡᠶ ᠦᠵᠡᠪᠡ᠃    ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ    ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠳᠤᠮᠳᠠ ᠶᠢ ᠲᠣᠭᠲᠠᠭᠤᠨ ᠪᠠᠶᠢᠯᠭᠠᠬᠤ᠂ ᠮᠠᠩᠯᠠᠶᠢᠯᠠᠬᠤ ᠪᠠᠷ ᠴᠢᠷᠮᠠᠶᠢᠬᠤ᠂ ᠡᠮᠦᠨ᠎ᠡ ᠡᠩᠨᠡᠭᠡᠨ ᠳᠤ ᠣᠷᠣᠬᠤ︾ ᠬᠠᠷᠠᠯᠲᠠ ᠶᠢ ᠲᠣᠭᠲᠠᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠲᠠᠪᠤᠨ ᠬᠦᠴᠦᠷᠬᠡᠭ ᠰᠢᠶᠠᠨ︾ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ    ︽ᠲᠠᠪᠤᠨ ᠶᠡᠭᠡ ᠡᠭᠦᠷᠭᠡ︾ ᠶᠢ ᠡᠷᠡᠰ ᠭᠤᠶᠢᠪᠢᠰᠢ ᠦᠭᠡᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠳᠡᠭᠡᠷ᠎ᠡ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠢ ᠬᠦᠴᠦᠷᠬᠡᠭᠵᠢᠭᠦᠯᠬᠦ ᠬᠡᠷᠡᠭᠲᠡᠢ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ ᠰᠢᠨ᠎ᠡ ᠡᠭᠦᠷᠭᠡᠯᠡᠯ ᠢ ᠢᠯᠡᠷᠡᠭᠦᠯᠵᠦ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢᠨ ᠪᠣᠯᠪᠠᠰᠤᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ᠂ ᠡᠳ᠋ ᠤᠨ ᠵᠠᠰᠠᠭ ᠤᠨ ᠠᠵᠢᠯᠯᠠᠭᠠᠨ ᠤ ᠠᠶᠤᠯ ᠲᠦᠭᠰᠢᠭᠦᠷᠢ ᠪᠣᠯᠤᠨ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ︽ᠲᠠᠪᠤᠨ ᠬᠤᠷᠢᠭ᠎ᠠ ᠱᠤᠭᠤᠮ︾ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠠᠮ ᠭᠠᠷᠭᠠᠵᠤ᠂ ᠠᠵᠤ ᠦᠢᠯᠡᠰ ᠤᠨ ᠪᠦᠲᠦᠴᠡ ᠶᠢ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠡᠨᠧᠷᠭᠢ ᠶᠢ ᠬᠤᠷᠠᠮᠳᠤᠭᠤᠯᠤᠨ ᠰᠢᠶᠠᠨ ᠤ ᠬᠥᠳᠡᠯᠭᠡᠬᠦ ᠬᠦᠴᠦᠨ ᠢ ᠬᠦᠴᠦᠷᠬᠡᠭᠵᠢᠭᠦᠯᠬᠦ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠲᠠᠯ᠎ᠠ ᠪᠠᠷ ᠰᠢᠨ᠎ᠡ ᠲᠠᠪᠠᠯᠳᠠ ᠶᠢ ᠪᠡᠶᠡᠯᠡᠭᠦᠯᠵᠦ᠂ ᠤᠨᠴᠠᠯᠢᠬᠳᠤ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠥᠭᠵᠢᠭᠦᠯᠦᠨ᠂ ᠨᠠᠷᠢᠯᠢᠭ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ︽ᠯᠢᠶᠠᠩᠴᠧᠩ ᠬᠠᠭᠤᠷᠠᠢ ᠠᠮᠤ ᠪᠤᠳᠠᠭ᠎ᠠ︾ ᠶᠢᠨ ᠲᠦᠷᠦᠯ ᠲᠡᠮᠳᠡᠭ ᠤᠨ ᠠᠯᠳᠠᠷᠰᠢᠯ᠂ ᠢᠷᠠᠭᠤ ᠠᠯᠳᠠᠷ ᠤᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠯᠠᠰᠢᠨ ᠦᠬᠡᠷ ᠤᠨ ᠠᠵᠤ ᠦᠢᠯᠡᠰ ᠢᠶᠠᠷ ᠰᠢᠶᠠᠨ ᠢ ᠬᠦᠴᠦᠷᠬᠡᠭᠵᠢᠭᠦᠯᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠴᠣᠭᠴᠠᠯᠠᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠵᠤᠭᠠᠴᠠᠯ ᠤᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠵᠤᠭᠠᠴᠠᠯ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠲᠦᠷᠦᠯ ᠲᠡᠮᠳᠡᠭ ᠤᠨ ᠡᠵᠡᠩᠨᠡᠯᠲᠡ ᠪᠣᠷᠣᠯᠠᠭᠤᠯᠭ᠎ᠠ ᠶᠢ ᠳᠡᠯᠭᠡᠷᠡᠭᠦᠯᠬᠦ ᠰᠢᠨ᠎ᠡ ᠶᠢ ᠡᠭᠦᠳᠦᠨ ᠥᠷᠨᠢᠭᠦᠯᠵᠦ᠂ ︽ᠴᠠᠰᠤᠨ ᠳᠤ ᠭᠤᠯᠭᠤᠬᠤ ᠬᠠᠯᠠᠭᠤᠨ ᠷᠠᠰᠢᠶᠠᠨ ᠲᠠᠢ᠂ ᠲᠠᠭᠠᠯᠠᠮᠵᠢᠲᠠᠢ ᠡᠪᠦᠯ ᠢ ᠦᠩᠭᠡᠷᠭᠡᠬᠦ︾ ᠵᠢᠭᠤᠯᠴᠢᠯᠠᠯ ᠤᠨ ᠲᠦᠷᠦᠯ ᠲᠡᠮᠳᠡᠭ ᠢ ᠪᠦᠬᠦ ᠲᠠᠯ᠎ᠠ ᠪᠠᠷ ᠡᠭᠦᠳᠴᠦ᠂ ᠪᠦᠬᠦ ᠣᠷᠣᠨ ᠪᠦᠰᠡ ᠪᠦᠬᠦ ᠤᠯᠠᠷᠢᠯ ᠤᠨ ᠵᠤᠭᠠᠴᠠᠯ ᠤᠨ ᠬᠦᠴᠦᠷᠬᠡᠭ ᠰᠢᠶᠠᠨ ᠤ ᠨᠡᠷ᠎ᠡ ᠶᠢᠨ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ    ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠵᠢᠴᠢ ᠡᠯ᠎ᠡ ᠶᠠᠮᠤᠨ ᠵᠥᠪᠯᠡᠯ ᠤᠨ ᠢᠵᠢ ᠪᠥᠷᠢᠳᠦᠭᠰᠡᠨ ᠪᠢᠴᠢᠭ ᠮᠠᠲ᠋ᠧᠷᠢᠶᠠᠯ ᠢ ᠭᠦᠢᠴᠡᠳ ᠰᠠᠶᠢᠲᠤᠷ ᠬᠡᠷᠡᠭᠯᠡᠵᠦ᠂ ᠨᠠᠩ ᠣᠯᠠᠨ ᠪᠠᠯᠠ ᠮᠥᠩᠭᠦ᠂ ᠨᠠᠩ ᠣᠯᠠᠨ ᠲᠥᠷᠥᠯ ᠵᠦᠢᠯ᠂ ᠨᠠᠩ ᠣᠯᠠᠨ ᠳᠡᠮᠵᠢᠯᠭᠡ ᠶᠢ ᠢᠳᠡᠪᠬᠢᠲᠡᠶ ᠣᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠷᠭᠦᠯᠵᠢᠯᠡᠨ ᠪᠠᠳᠠᠷᠠᠭᠤᠯᠬᠤ ᠶᠢ ᠠᠬᠢᠭᠤᠯᠬᠤ ᠬᠡᠷᠡᠭᠲᠡᠶ᠃ ᠬᠠᠯᠠᠭᠤᠨ ᠳᠤᠯᠠᠭᠠᠨ ᠢᠨᠵᠧᠨᠧᠷᠢᠩ ᠨᠢ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠵᠤ᠂ ᠭᠤᠭᠤᠵᠢᠵᠤ ᠭᠤᠭᠤᠵᠢᠬᠤ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠳᠤ ᠳᠡᠭᠡᠳᠦ ᠳᠣᠣᠷᠠᠳᠤ ᠱᠠᠲᠤ ᠶᠢ ᠨᠡᠪᠲᠡᠷᠡᠯᠴᠡᠭᠦᠯᠬᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ᠂ ᠪᠥᠬᠦ ᠠᠷᠠᠳ ᠢᠶᠠᠷ ᠢᠶᠠᠨ ᠣᠷᠣᠯᠴᠠᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠬᠡᠷᠡᠭᠲᠡᠢ᠃ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ︽ᠨᠢᠭᠡ ᠴᠤᠭᠴᠠᠵᠢᠭᠤᠯᠬᠤ︾ ᠢᠨᠵᠧᠨᠧᠷᠢᠩ ᠳᠤ ᠢᠳᠡᠪᠬᠢᠲᠡᠢ ᠣᠷᠣᠯᠴᠠᠵᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃    ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ    ︽ᠵᠢᠷᠭᠤᠭᠠᠨ ᠠᠵᠢᠯᠯᠠᠭ᠎ᠠ︾ ᠶᠢ ᠲᠡᠷᠡ ᠬᠡᠪ ᠢᠶᠠᠷ ᠨᠢ ᠵᠣᠬᠢᠶᠠᠨ ᠪᠠᠶᠢᠭᠤᠯᠤᠨ ᠥᠷᠨᠢᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠲᠠᠯ᠎ᠠ ᠪᠠᠷ ᠪᠣᠳᠠᠲᠠᠢ ᠠᠷᠭ᠎ᠠ ᠭᠠᠷᠭᠠᠵᠤ᠂ ᠦᠨᠡᠨ ᠬᠦ ᠭᠠᠪᠢᠶ᠎ᠠ ᠪᠠᠶᠢᠭᠤᠯᠬᠤ ᠬᠡᠷᠡᠭᠲᠡᠢ᠃ ᠨᠢᠭᠡ ᠳᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠂ ᠪᠠᠯᠠ ᠣᠷᠣᠭᠤᠯᠤᠯᠲᠠ ᠶᠢᠨ ᠬᠠᠨᠳᠤᠰᠢ᠂ ᠪᠠᠯᠠ ᠮᠥᠩᠭᠦ ᠶᠢᠨ ᠬᠠᠨᠳᠤᠰᠢ ᠶᠢ ᠴᠢᠩᠭ᠎ᠠ ᠠᠩᠬᠠᠷᠴᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠣᠩᠬᠤᠪᠴᠢ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠨᠢᠭᠡ ᠪᠦᠯᠦᠭ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ᠂ ᠨᠥᠭᠡᠴᠡ ᠬᠦᠴᠦᠨ ᠢ ᠨᠡᠮᠡᠭᠳᠡᠭᠦᠯᠬᠦ ᠲᠥᠷᠥᠯ ᠵᠦᠢᠯ ᠢ ᠢᠳᠡᠪᠬᠢᠲᠡᠶ ᠪᠠᠷ ᠨᠥᠭᠡᠴᠡᠯᠡᠨ ᠪᠥᠲᠥᠭᠡᠨ ᠪᠠᠶᠢᠭᠤᠯᠤᠨ᠎ᠠ᠃ ᠬᠤᠶᠠᠷ ᠲᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠪᠥᠬᠦ ᠬᠦᠴᠦᠨ ᠢᠶᠠᠷ ᠢᠶᠠᠨ ᠨᠡᠮᠡᠭᠳᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ ᠪᠥᠬᠦ ᠰᠢᠶᠠᠨ ᠤ ᠠᠵᠢᠯ ᠣᠯᠭᠤᠯᠲᠠ ᠶᠢᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠲᠦᠷᠪᠡ ᠳᠤ᠂ ᠤᠰᠤ ᠠᠷᠪᠢᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠲᠠᠷᠢᠶᠠᠯᠠᠩ ᠤᠨ ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ᠂ ᠬᠤᠲᠠ ᠬᠥᠳᠡᠭᠡ ᠶᠢᠨ ᠤᠰᠤ ᠠᠷᠪᠢᠯᠠᠬᠤ᠂ ᠠᠮᠢ ᠠᠬᠤᠶ ᠶᠢᠨ ᠤᠰᠤ ᠠᠷᠪᠢᠯᠠᠬᠤ ᠶᠢ ᠬᠦᠴᠦᠯᠡᠨ ᠠᠬᠢᠭᠤᠯᠵᠤ᠂ ᠪᠦᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠲᠠᠪᠤ ᠳᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠢ᠃ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠬᠡᠪᠴᠢᠶᠡᠵᠢᠯ ᠤᠨ ᠦᠷ᠎ᠡ ᠠᠰᠢᠭ ᠢ ᠳᠡᠭᠡᠭᠰᠢᠯᠡᠭᠦᠯᠦᠨ᠂ ᠨᠠᠩ ᠣᠯᠠᠨ ᠪᠣᠯᠭᠠᠵᠠᠢ᠃    ᠪᠦᠭᠦᠳᠡ ᠬᠤᠷᠠᠯ ᠤᠨ ᠤᠷᠢᠶᠠᠯᠠᠭ᠎ᠠ    ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠴᠠᠭ ᠦᠶ᠎ᠡ ᠠᠴᠠ ᠣᠯᠭᠤᠭᠰᠠᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠬᠦᠴᠦᠷᠬᠡᠭ ᠰᠢᠶᠠᠨ︾ ᠢ ᠪᠦᠳᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠬᠡᠷᠡᠭᠲᠡᠢ︕                                  ᠨᠠᠶᠢᠷᠠᠭᠤᠯᠤᠭᠴᠢ᠄   ᠴᠧᠨ ᠰᠢᠶᠤᠤ ᠵᠢᠤᠸᠠᠨ                                  ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2