ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 2025 ᠣᠨ ᠤ 4 ᠳ᠋ᠤᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/15
   1 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠪᠦᠬᠦ ᠰᠢᠶᠠᠨ ᠤ ︽ᠬᠤᠶᠠᠷ ᠬᠤᠷᠠᠯ︾ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠯᠢᠦ ᠶᠢᠨ ᠲᠤᠤ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠲᠠᠯ᠎ᠠ ᠶᠢᠨ ᠪᠦᠬᠦ ᠶᠠᠪᠤᠴᠠ ᠳᠤ ᠦᠨᠡᠨᠬᠦ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠶᠣᠰᠣᠭᠠᠷ ᠠᠯᠬᠤᠮ ᠨᠢᠭᠡᠲᠡᠢ ᠪᠠᠷ ᠤᠷᠤᠭᠰᠢᠯᠠᠬᠤ ᠬᠡᠷᠡᠭᠲᠡᠢ᠃ ᠥᠭᠡᠷᠡᠴᠢᠯᠡᠯᠲᠡ ᠶᠢ ᠰᠦᠪᠡᠭᠴᠢᠯᠡᠬᠦ᠂ ᠥᠭᠡᠷᠡᠴᠢᠯᠡᠯᠲᠡ ᠶᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠰᠢᠰᠲ᠋ᠧᠮ ᠲᠤᠰ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠤᠳᠤᠯᠤᠨ ᠠᠬᠢᠭᠤᠯᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ᠂ ᠲᠥᠯᠥᠭᠡᠯᠡᠭᠴᠢ ᠭᠡᠰᠢᠭᠦᠨ ᠢ ᠥᠭᠡᠷᠡᠴᠢᠯᠡᠯᠲᠡ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠴᠣᠩᠬᠤᠨ ᠤ ᠬᠤᠭᠤᠴᠠᠭ᠎ᠠ ᠶᠢ ᠠᠳᠬᠤᠵᠤ᠂ ᠪᠥᠬᠦ ᠵᠢᠯ ᠤᠨ ︽ᠭᠤᠷᠪᠠ ᠶᠢ ᠪᠠᠲᠤᠯᠠᠬᠤ︾ ᠬᠡᠷᠡᠭᠴᠡᠭᠡ ᠪᠥᠬᠦᠶ ᠪᠠᠯᠠ ᠮᠥᠩᠭᠦ ᠶᠢᠨ ᠶᠣᠰᠣᠭᠠᠷ᠂ ᠲᠤᠰᠬᠠᠶ ᠪᠠᠯᠠ ᠮᠥᠩᠭᠦ ᠵᠢᠴᠢ ᠲᠣᠰ ᠲᠣᠰ ᠤᠨ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠪᠠᠯᠠ ᠮᠥᠩᠭᠦ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠡᠳ᠋ ᠤᠨ ᠵᠠᠰᠠᠭ ᠤᠨ ᠬᠡᠪᠴᠢᠶ᠎ᠡ ᠶᠢ ᠴᠢᠷᠮᠠᠶᠢᠨ ᠪᠤᠵᠠᠭᠠᠶᠢᠷᠠᠭᠤᠯᠬᠤ ᠬᠡᠷᠡᠭᠲᠡᠶ ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠠᠮᠵᠢᠯᠴᠠᠨ ᠬᠥᠭᠵᠢᠬᠦ ᠪᠠ ᠵᠠᠰᠠᠬᠤ ᠶᠢ ᠠᠬᠢᠭᠤᠯᠬᠤ ᠬᠡᠷᠡᠭᠲᠡᠶ᠃                             ᠨᠠᠶᠢᠷᠠᠭᠤᠯᠤᠭᠴᠢ᠄   ᠶᠠᠩ  ᠿᠦᠢ ᠵᠧᠨ                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2