ᠯᠢᠶᠠᠩᠴᠧᠩ ᠰᠢᠶᠠᠨ ᠤ ︽ᠬᠤᠶᠠᠷ ᠬᠤᠷᠠᠯ︾ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠲᠥᠯᠥᠭᠡᠯᠡᠭᠴᠢ᠂ ᠨᠠᠮ ᠤᠨ ᠭᠡᠰᠢᠭᠦᠨ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/18
   1 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠯᠢᠶᠠᠩᠴᠧᠩ ᠰᠢᠶᠠᠨ ᠤ ︽ᠬᠤᠶᠠᠷ ᠬᠤᠷᠠᠯ︾ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠤ ᠲᠥᠯᠥᠭᠡᠯᠡᠭᠴᠢ᠂ ᠨᠠᠮ ᠤᠨ ᠭᠡᠰᠢᠭᠦᠨ ᠤ ᠭᠡᠰᠢᠭᠦᠳ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠵᠢᠶᠠᠨ ᠵᠢᠶᠦ᠋ᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᡁᠢ ᠭᠠᠩ ᠬᠤᠷᠠᠯ ᠡᠷᠭᠢᠯᠡᠪᠡ᠃    ᠶᠡᠭᠡ ᠬᠤᠷᠠᠯ ᠠᠴᠠ ︽ᠬᠤᠶᠠᠷ ᠬᠤᠷᠠᠯ︾ ᠤᠨ ᠬᠤᠭᠤᠴᠠᠭᠠᠨ ᠳᠤ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢ ᠶᠢ ᠨᠡᠶᠢᠲᠡᠯᠡᠪᠡ᠃ ᠯᠢᠦ ᠶᠢᠨ ᠲᠤᠤ᠂ ᠨᠠᠮ ᠢᠶᠠᠨ ᠡᠷᠡᠰ ᠭᠤᠶᠢᠪᠢᠰᠢ ᠦᠭᠡᠢ ᠪᠠᠷ ᠳᠠᠭᠠᠵᠤ᠂ ᠤᠯᠤᠰ ᠲᠦᠷᠦ ᠶᠢᠨ ᠬᠦᠳᠦᠯᠦᠨ ᠳᠠᠭᠠᠭᠤᠯᠬᠤ ᠲᠠᠯ᠎ᠠ ᠪᠠᠷ ᠨᠡᠩ ᠥᠨᠳᠥᠷ ᠵᠣᠭᠰᠣᠴᠠ ᠶᠢ ᠢᠯᠡᠷᠡᠭᠦᠯᠬᠦ ᠬᠡᠷᠡᠭᠲᠡᠢ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠶᠢ ᠴᠢᠩᠭᠠᠳᠬᠠᠬᠤ ᠶᠢ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠵᠤ᠂ ︽ᠬᠤᠶᠠᠷ ᠬᠤᠷᠠᠯ︾ ᠴᠢᠨᠠᠷ ᠰᠠᠶᠢᠲᠠᠶ᠂ ᠰᠢᠨ᠎ᠡ ᠳᠦᠷᠰᠦ ᠪᠠᠶᠢᠳᠠᠯ ᠭᠠᠷᠭᠠᠬᠤ ᠶᠢ ᠦᠨᠡᠨ ᠬᠦ ᠪᠠᠲᠤᠯᠠᠨ᠎ᠠ᠃ ᠭᠤᠣᠯᠳᠠᠯᠭ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠯ᠎ᠡ ᠵᠦᠢᠯ ᠤᠨ ᠮᠡᠳᠡᠭᠦᠯᠦᠯᠲᠡ ᠶᠢ ᠥᠨᠳᠥᠷ ᠵᠣᠭᠰᠣᠴᠠ ᠠᠴᠠ ᠬᠢᠨᠠᠨ ᠵᠥᠪᠯᠡᠵᠦ᠂ ᠰᠠᠨᠠᠯ ᠳᠤᠷᠠᠳᠤᠯᠭ᠎ᠠ ᠶᠢ ᠥᠨᠳᠥᠷ ᠲᠦᠪᠰᠢᠨ ᠢᠶᠠᠷ ᠳᠡᠪᠰᠢᠭᠦᠯᠵᠦ᠂ ᠰᠣᠩᠭᠤᠭᠤᠯᠢ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠥᠨᠳᠥᠷ ᠪᠠᠷᠢᠮᠵᠢᠶ᠎ᠠ ᠪᠠᠷ ᠪᠢᠯᠧᠲ ᠢᠶᠠᠷ ᠲᠣᠭᠲᠠᠭᠠᠨ᠎ᠠ᠃ ᠪᠣᠳᠠᠲᠠᠢ ᠠᠵᠢᠯᠯᠠᠨ ᠯᠠᠪᠳᠠᠭᠤᠨ ᠪᠠᠲᠤᠲᠠᠢ ᠠᠵᠢᠯᠯᠠᠵᠤ ᠰᠤᠷᠲᠠᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠨᠡᠩ ᠰᠠᠶᠢᠨ ᠵᠢᠱᠢᠶ᠎ᠡ ᠦᠵᠡᠭᠦᠯᠬᠦ ᠬᠡᠷᠡᠭᠲᠡᠢ᠃ ᠶᠣᠰᠣ ᠲᠦᠷᠢᠮ ᠢ ᠲᠣᠭᠲᠠᠭᠠᠵᠤ᠂ ᠬᠤᠷᠠᠯ ᠤᠨ ᠰᠤᠷᠲᠠᠯ ᠢ ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ︽ᠬᠤᠶᠠᠷ ᠬᠤᠷᠠᠯ︾ ᠢ ᠰᠠᠶᠢᠲᠤᠷ ᠬᠤᠷᠠᠯᠳᠤᠭᠤᠯᠬᠤ ᠬᠡᠷᠡᠭᠲᠡᠢ᠃                                    ᠨᠠᠶᠢᠷᠠᠭᠤᠯᠤᠭᠴᠢ᠄   ᠶᠠᠩ  ᠿᠦᠢ ᠵᠧᠨ                                    ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2