2025 ᠣᠨ ᠤ 1 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ | ᠬᠤᠷᠠᠯᠳᠤᠭᠠᠨ ᠰᠢᠶᠠᠨ ᠤ ᠺᠢᠨᠣ᠋ ᠵᠦᠴᠦᠭᠡ ᠶᠢᠨ ᠬᠦᠷᠢᠶᠡᠯᠡᠩ ᠳᠤ ᠡᠬᠢᠯᠡᠪᠡ᠃ | 1 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ | ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠳᠥᠷᠪᠡᠳᠦᠭᠡᠷ ᠬᠤᠷᠠᠯ ᠰᠢᠶᠠᠨ ᠤ ᠺᠢᠨᠣ᠋ | ᠵᠦᠴᠦᠭᠡ ᠶᠢᠨ ᠬᠦᠷᠢᠶᠡᠯᠡᠩ ᠳᠤ ᠡᠬᠢᠯᠡᠪᠡ᠃ ᠪᠦᠬᠦ ᠰᠢᠶᠠᠨ ᠤ ᠡᠯ᠎ᠡ ᠠᠵᠢᠯ ᠲᠦᠷᠦᠯ᠂ ᠡᠯ᠎ᠡ ᠹᠷᠣᠨᠲ ᠠᠴᠠ | ᠢᠷᠡᠭᠰᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠢᠭᠡ ᠲᠠᠩᠬᠢᠮ ᠳᠤ ᠴᠤᠭᠯᠠᠷᠠᠵᠤ᠂ ᠣᠷᠭᠢᠯᠤᠮ᠎ᠠ | ᠬᠠᠯᠠᠭᠤᠨ ᠰᠡᠳᠬᠢᠯᠭᠡ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠪᠠ᠃ | ᠬᠤᠷᠠᠯ ᠤᠨ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠦᠳᠡ ᠶᠢᠨ ᠬᠤᠶᠢᠨᠠᠬᠢ 3 ᠴᠠᠭ ᠲᠤ ᠬᠤᠷᠠᠯ | ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ | ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶ᠎ᠠ ᠳᠤ | ᠨᠡᠶᠢᠲᠡ 142 ᠭᠡᠰᠢᠭᠦᠨ ᠲᠠᠢ᠂ ᠪᠣᠳᠠᠲᠠᠶ ᠣᠷᠣᠯᠴᠠᠭᠰᠠᠨ ᠭᠡᠰᠢᠭᠦᠨ 126 ᠬᠥᠮᠦᠨ᠂ ᠤᠯᠤᠰ ᠲᠥᠷᠥ ᠶᠢᠨ | ᠵᠥᠪᠯᠡᠯᠭᠡᠨ ᠤ ᠲᠦᠷᠢᠮ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠰᠢᠶᠠᠨ ᠤ ᠨᠠᠮ ᠤᠨ ᠬᠤᠷᠢᠶᠠᠨ ᠤ ᠱᠦᠵᠢ ᠯᠢᠦ ᠶᠢᠨ ᠲᠤᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠧᠩ ᠳ᠋ᠦᠩ ᠫᠢᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠣᠣ ᠵᠢᠶᠠᠨ ᠵᠢᠶᠦ᠋ᠨ ᠬᠤᠷᠠᠯ ᠳᠤ ᠣᠷᠣᠯᠴᠠᠵᠤ ᠪᠠᠶᠠᠷ | ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠰᠢᠶᠠᠨ ᠤ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ᠂ | ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠰᠢᠤᠢ ᠸᠧᠨ ᠺᠠᠢ᠂ | ᠳᠡᠳ᠋ ᠲᠡᠷᠢᠭᠦᠯᠡᠭᠴᠢ ᠯᠢ ᡁᠢ ᠵᠧᠦ᠂ ᠸᠠᠩ ᠬᠤᠩ ᠮᠢᠩ᠂ ᠳ᠋ᠠᠢ ᠰᠢ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠲᠢᠶᠠᠨ ᠳ᠋ᠦᠩ ᠪᠥᠸᠧ᠂ | ᠨᠠᠷᠢᠨ ᠪᠢᠴᠢᠭ ᠤᠨ ᠳᠠᠷᠤᠭ᠎ᠠ ᠸᠠᠩ ᡁᠢ ᠶᠤᠸᠠᠨ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠪᠠ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠤᠯᠭ᠎ᠠ ᠳᠤ ᠪᠠᠰᠠ᠄ ᠰᠢᠶᠠᠨ ᠤ ᠨᠠᠮ ᠤᠨ | ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠳᠡᠳ᠋ | ᠡᠷᠬᠢᠯᠡᠭᠴᠢ᠂ ᠵᠠᠰᠠᠭ ᠤᠨ ᠣᠷᠳᠣᠨ ᠤ ᠡᠯ᠎ᠡ ᠳᠡᠳ᠋ ᠰᠢᠶᠠᠨ ᠤ ᠳᠠᠷᠤᠭ᠎ᠠ᠂ ᠰᠢᠭᠦᠬᠦ ᠬᠤᠷᠢᠶᠠᠨ ᠤ ᠳᠠᠷᠤᠭ᠎ᠠ᠂ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠤᠤᠯ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ | ᠯᠢᠦ ᠴᠠᠩ ᠽᠠᠢ᠂ ᠵᠠᠩ ᠸᠠᠨ ᠱᠸᠦ ᠨᠥᠬᠦᠷ ᠪᠠᠶᠢᠨ᠎ᠠ᠃ | ᠶᠡᠭᠡ ᠬᠤᠷᠠᠯ ᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠬᠤᠩ ᠮᠢᠩ | ᠡᠷᠬᠢᠯᠡᠪᠡ᠃ ᠶᠡᠭᠡ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ | ᠰᠢᠶᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ︵ᠲᠥᠰᠦᠯ︶ ᠢ ᠬᠢᠨᠠᠨ ᠵᠥᠪᠯᠡᠵᠦ ᠪᠠᠲᠤᠯᠠᠪᠠ᠃ | ᠰᠢᠶᠠᠨ ᠤ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠷᠦᠢ | ᠠᠵᠢᠯ ᠤᠨ ᠮᠡᠳᠡᠭᠦᠯᠦᠯᠲᠡ ᠬᠢᠪᠡ᠃ | ᠵᠤᠤ ᠷᠦᠢ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃ ᠢᠯᠡᠳᠭᠡᠯ ᠳᠤ | ᠵᠢᠭᠠᠵᠤ ᠭᠠᠷᠭᠠᠭᠰᠠᠨ ᠨᠢ᠂ 2024 ᠣᠨ ᠳᠤ᠂ ᠯᠢᠶᠠᠩᠴᠧᠩ ᠰᠢᠶᠠᠨ ᠤ ᠠᠷᠪᠠᠳᠤᠭᠠᠷ ᠬᠤᠭᠤᠴᠠᠭᠠᠨ ᠤ ᠤᠯᠤᠰ | ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠬᠦᠴᠦᠲᠡᠶ ᠵᠢᠯᠣᠭᠤᠳᠣᠯᠭ᠎ᠠ ᠳᠣᠤᠷ᠎ᠠ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ | ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ | ᠰᠢᠵᠢᠮ ᠤᠨ ᠲᠣᠭᠤᠷᠢᠨ ᠳᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ | ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠨ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠲᠤᠰᠬᠠᠶ ᠵᠥᠪᠯᠡᠬᠦ ᠪᠠᠶᠢᠭᠤᠯᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠦᠢᠯ ᠤᠨ ᠡᠭᠦᠷᠭᠡ | ᠴᠢᠳᠠᠪᠤᠷᠢ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ | ᠢᠳᠡᠪᠬᠢᠲᠡᠶ ᠠᠵᠢᠯᠯᠠᠵᠤ᠂ ︽ᠲᠠᠪᠤᠨ ᠬᠦᠴᠦᠷᠬᠡᠭ ᠰᠢᠶᠠᠨ︾ ᠤ ᠪᠥᠲᠥᠭᠡᠨ ᠪᠠᠶᠢᠭᠤᠯᠤᠯᠲᠠ ᠳᠤ ᠬᠦᠴᠦᠨ | ᠨᠡᠮᠡᠷᠢᠯᠡᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | ᠢᠯᠡᠳᠭᠡᠯ ᠳᠤ ᠴᠢᠬᠤᠯᠠᠴᠢᠯᠠᠭᠰᠠᠨ ᠨᠢ᠂ 2025 ᠣᠨ ᠳᠤ ᠯᠢᠶᠠᠩᠴᠧᠩ ᠰᠢᠶᠠᠨ ᠤ ᠤᠯᠤᠰ ᠲᠥᠷᠥ ᠶᠢᠨ | ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠥᠬᠦ ᠰᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ | ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠵᠥᠪᠳᠡᠯᠴᠡᠬᠦ ᠪᠠᠷ ᠬᠥᠭᠵᠢᠯᠲᠡ ᠶᠢ ᠠᠬᠢᠭᠤᠯᠵᠤ᠂ | ᠪᠦᠯᠬᠦᠮᠳᠡᠯ ᠢᠶᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠢ | ᠨᠡᠮᠡᠷᠢᠯᠡᠵᠦ᠂ ᠡᠭᠦᠷᠭᠡᠯᠡᠯ ᠢᠶᠠᠷ ᠳᠦᠷᠢ ᠲᠥᠷᠬᠦ ᠶᠢ ᠪᠣᠶ ᠪᠣᠯᠭᠠᠵᠤ᠂ ᠲᠤᠰᠬᠠᠶ ᠵᠥᠪᠯᠡᠬᠦ ᠪᠠᠶᠢᠭᠤᠯᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ | ᠲᠠᠨᠢᠯᠲᠠ ᠶᠢ ᠨᠢᠭᠲᠠᠷᠠᠭᠤᠯᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠢᠯᠡᠳᠭᠡᠯ ᠳᠤ ᠴᠢᠬᠤᠯᠠᠴᠢᠯᠠᠭᠰᠠᠨ ᠨᠢ᠂ ᠯᠢᠶᠠᠩᠴᠧᠩ ᠰᠢᠶᠠᠨ ᠤ ᠤᠯᠤᠰ ᠲᠦᠷᠦ ᠶᠢᠨ ᠵᠥᠪᠯᠡᠯᠭᠡᠨ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠠᠷ | ᠬᠤᠯᠪᠣᠨ ᠬᠠᠮᠲᠤᠪᠠᠷ ᠤᠷᠤᠭᠰᠢᠯᠠᠵᠤ᠂ ᠴᠤᠴᠠᠯᠲᠠ ᠦᠭᠡᠢ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠤᠯᠤᠰ | ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠣᠷᠣᠨ ᠪᠠᠶᠢᠷᠢ ᠶᠢ ᠡᠵᠡᠮᠳᠡᠵᠦ᠂ ᠰᠢᠨ᠎ᠡ ᠴᠠᠭ ᠦᠶ᠎ᠡ ᠶᠢᠨ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠡᠭᠦᠷᠭᠡ ᠶᠢ ᠦᠢᠯᠡᠳᠦᠯᠭᠡᠵᠢᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠯᠢᠶᠠᠩᠴᠧᠩ ᠰᠢᠶᠠᠨ ᠤ ᠬᠥᠭᠵᠢᠯᠲᠡ ᠶᠢ ᠠᠬᠢᠭᠤᠯᠬᠤ ᠰᠢᠨ᠎ᠡ | ᠬᠠᠭᠤᠳᠠᠰᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ ᠤᠯᠤᠰ ᠲᠦᠷᠦ ᠶᠢᠨ ᠵᠥᠪᠯᠡᠯᠭᠡᠨ ᠤ | ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ | ᠯᠢ ᡁᠢ ᠵᠧᠦ ᠶᠡᠭᠡ ᠬᠤᠷᠠᠯ ᠳᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ | ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠢ ᠮᠡᠳᠡᠭᠦᠯᠪᠡ᠃ ᠳ᠋ᠠᠢ ᠰᠢ ᠤᠯᠤᠰ | ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠨᠠᠮ ᠤᠨ ᠬᠤᠷᠢᠶᠠᠨ ᠤ 2024 | ᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ ᠢ ᠮᠡᠳᠡᠭᠳᠡᠪᠡ᠃ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ | ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ | ᠂ ᠡᠯ᠎ᠡ ᠤᠯᠠᠨ ᠲᠦᠮᠡᠨ ᠤ ᠪᠦᠯᠬᠦᠮ ᠤᠨ ᠬᠠᠷᠢᠭᠤᠴᠠᠯᠭᠠᠲᠠᠨ ᠪᠣᠯᠤᠨ ᠰᠠᠯᠠᠭ᠎ᠠ ᠮᠥᠴᠢᠷ ᠤᠨ ᠠᠵᠢᠯ ᠦᠢᠯᠡᠰ ᠤᠨ | ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠬᠠᠷᠢᠶ᠎ᠠ ᠨᠢᠭᠡᠴᠢ ᠪᠣᠯᠤᠨ ᠬᠡᠰᠡᠭ ᠭᠤᠣᠯᠳᠠᠯᠭ᠎ᠠ ᠲᠠᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |