ᠪᠦᠬᠦ ᠰᠢᠶᠠᠨ ᠤ ᠬᠤᠶᠠᠷ ᠬᠤᠷᠠᠯ ᠤᠨ ᠠᠵᠢᠯ ᠤᠨ ᠮᠡᠳᠡᠭᠦᠯᠦᠯᠲᠡ ︵ᠨᠢᠭᠡ︶ | 1 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠪᠠ ᠰᠢᠶᠠᠨ ᠤ | ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶᠠᠨ ᠤ | ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠤᠯᠤᠰ ᠲᠦᠷᠦ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠪᠠ ᠪᠤᠰᠤᠳ ᠢᠯᠡᠳᠬᠡᠯ ᠢ ᠬᠢᠨᠠᠨ ᠶᠠᠷᠢᠯᠴᠠᠵᠤ ᠶᠠᠷᠢᠯᠴᠠᠵᠤ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠪᠦᠯᠬᠦᠮ ᠬᠤᠪᠢᠶᠠᠨ᠂ ᠳᠤᠭᠤᠶᠢᠯᠠᠩ | ᠬᠤᠪᠢᠶᠠᠨ ᠶᠠᠷᠢᠯᠴᠠᠬᠤ ᠲᠤᠬᠠᠢ ᠶᠢᠨ ᠲᠠᠯᠠᠪᠠᠢ ᠳᠤ᠂ ᠲᠥᠯᠥᠭᠡᠯᠡᠭᠴᠢᠳ᠂ ᠭᠡᠰᠢᠭᠦᠳ ᠡᠭᠦᠷᠭᠡ ᠲᠤᠰᠢᠶᠠᠯ ᠢᠶᠠᠨ | ᠭᠦᠢᠴᠡᠳᠬᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠ ᠴᠢᠩᠭ᠎ᠠ ᠬᠠᠷᠢᠭᠤᠴᠠᠯᠭᠠᠲᠤ ᠤᠬᠠᠮᠰᠠᠷ ᠢᠶᠠᠷ ᠢᠶᠠᠨ ᠡᠯ᠎ᠡ | ᠠᠵᠢᠯ ᠤᠨ ᠢᠯᠡᠳᠬᠡᠯ ᠤᠨ ᠲᠣᠭᠤᠷᠢᠨ ᠳᠤ ᠲᠠᠨᠢᠯᠲᠠ ᠪᠠᠨ ᠶᠠᠷᠢᠵᠤ᠂ ᠣᠶᠢᠯᠠᠭᠠᠯᠲᠠ ᠪᠠᠨ ᠶᠠᠷᠢᠵᠤ᠂ ᠰᠠᠨᠠᠭᠤᠯᠭ᠎ᠠ | ᠳᠤᠷᠠᠳᠴᠤ᠂ ᠠᠯᠤᠰ ᠬᠡᠳᠦ ᠶᠢᠨ ᠬᠠᠷᠠᠴᠠ ᠶᠢ ᠶᠠᠷᠢᠵᠤ᠂ ᠮᠠᠨ ᠤ ᠰᠢᠶᠠᠨ ᠤ ᠬᠥᠭᠵᠢᠯᠲᠡ ᠶᠢᠨ ᠶᠡᠭᠡ ᠪᠤᠳᠤᠯᠭ᠎ᠠ ᠶᠢ | ᠬᠠᠮᠲᠤᠪᠠᠷ ᠵᠥᠪᠯᠡᠪᠡ᠃ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ | ᠨᠠᠮ ᠤᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠤᠯᠤᠰ ᠲᠦᠷᠦ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ | ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠳᠤᠭᠤᠶᠢᠯᠠᠩ ᠬᠤᠪᠢᠶᠠᠨ ᠶᠠᠷᠢᠯᠴᠠᠵᠤ᠂ ᠲᠡᠳᠡ ᠲᠦᠷᠦ ᠶᠢᠨ ᠶᠠᠪᠤᠳᠠᠯ ᠳᠤ | ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠨ᠂ | ᠮᠡᠳᠡᠭᠦᠯᠦᠯᠲᠡ ᠶᠢᠨ ᠠᠭᠤᠯᠭ᠎ᠠ ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠶᠡᠭᠡ | ᠪᠤᠳᠤᠯᠭ᠎ᠠ ᠶᠢ ᠬᠠᠮᠲᠤᠪᠠᠷ ᠵᠥᠪᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠰᠠᠶᠢᠨ ᠠᠷᠭ᠎ᠠ ᠪᠤᠳᠤᠯᠭ᠎ᠠ ᠶᠢ | ᠬᠠᠮᠲᠤᠪᠠᠷ ᠰᠦᠪᠡᠭᠴᠢᠯᠡᠪᠡ᠃ ᠭᠡᠰᠢᠭᠦᠳ ᠰᠠᠨᠠᠯ ᠨᠢᠭᠡᠲᠡᠢ ᠦᠵᠡᠭᠰᠡᠨ ᠨᠢ᠂ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠶᠢ | ᠪᠤᠰᠤᠳᠴᠢ ᠪᠠᠷ ᠪᠦᠬᠦ ᠲᠠᠯ᠎ᠠ ᠪᠠᠷ᠂ ᠦᠨᠡᠨ ᠠᠴᠠ ᠵᠥᠪ ᠢ ᠡᠷᠢᠵᠦ᠂ ᠰᠢᠨ᠎ᠡ ᠨᠢᠭᠡ ᠵᠢᠯ ᠤᠨ ᠡᠯ᠎ᠡ ᠵᠦᠢᠯ ᠤᠨ | ᠡᠭᠦᠷᠭᠡ ᠶᠢᠨ ᠪᠠᠶᠢᠷᠢᠯᠠᠭᠤᠯᠤᠯᠲᠠ ᠶᠢᠨ ᠰᠡᠳᠬᠢᠴᠡ ᠲᠣᠳᠣᠷᠬᠠᠢ᠂ ᠭᠤᠣᠯᠳᠠᠯᠭ᠎ᠠ ᠶᠢ ᠲᠤᠪᠤᠶᠢᠯᠭᠠᠵᠦ᠂ ᠥᠷᠭᠡᠨ | ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠮᠠᠨ ᠤ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠳᠤ | ᠢᠳᠡᠪᠬᠢᠲᠡᠢ ᠣᠷᠣᠯᠴᠠᠬᠤ ᠳᠤ ᠭᠤᠣᠯᠳᠠᠯᠭ᠎ᠠ ᠶᠢ ᠲᠣᠳᠣᠷᠬᠠᠶᠢᠯᠠᠵᠤ᠂ ᠡᠷᠴᠢ ᠵᠣᠷᠢᠭ ᠢ ᠬᠥᠪᠴᠢᠯᠡᠪᠡ ᠭᠡᠪᠡ᠃ | | | | | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠸᠠᠩ ᠫᠢᠩ | ᠶᠡᠭᠡ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠷᠮᠠᠶᠢᠬᠤ ᠴᠢᠭᠯᠡᠯ ᠢ ᠲᠣᠳᠣᠷᠬᠠᠢ | ᠵᠢᠭᠠᠵᠤ ᠥᠭᠴᠦ᠂ ᠲᠠᠷᠢᠶᠠᠴᠢᠨ ᠤ ᠬᠥᠮᠦᠵᠢᠯ ᠪᠣᠯᠪᠠᠰᠤᠷᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠡᠲᠡᠭᠡᠳ ᠠᠴᠠ ᠢᠷᠡᠭᠰᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠡᠭᠡ ᠲᠠᠯ᠎ᠠ ᠶᠢᠨ | ᠦᠵᠡᠯᠲᠡ ᠶᠢ ᠪᠤᠢ ᠪᠣᠯᠭᠠᠨ᠎ᠠ᠂ ᠯᠠᠪᠲᠠᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠭᠤᠣᠯᠳᠠᠯᠭ᠎ᠠ ᠶᠢᠨ ᠲᠣᠭᠤᠷᠢᠨ ᠳᠤ᠂ ᠬᠠᠷᠢᠭᠤᠴᠠᠯᠭ᠎ᠠ ᠪᠠᠨ ᠰᠡᠳᠬᠢᠯ ᠠᠴᠠ ᠪᠠᠨ ᠮᠡᠳᠡᠵᠦ᠂ ᠥᠪᠡᠷ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ | ᠦᠭᠡᠢ ᠪᠠᠷ ᠰᠢᠨ᠎ᠡ ᠠᠶᠠᠨ ᠵᠠᠮ ᠳᠤ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ | ᠭᠠᠷᠭᠠᠵᠤ᠂ ᠮᠠᠨ ᠤ ᠰᠢᠶᠠᠨ ᠤ ᠲᠠᠷᠢᠶᠠᠴᠢᠳ ᠤᠨ ᠰᠤᠷᠭᠠᠨ ᠬᠥᠮᠦᠵᠢᠯ ᠤᠨ ᠦᠢᠯᠡᠰ ᠲᠤ ᠭᠡᠰᠢᠭᠦᠳ ᠤᠨ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ ᠯᠢᠶᠠᠩᠴᠧᠩ ᠰᠢᠶᠠᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠳᠤ ᠣᠷᠣᠯᠴᠠᠵᠤ ᠪᠦᠯᠬᠦᠮ ᠬᠤᠪᠢᠶᠠᠨ ᠶᠠᠷᠢᠯᠴᠠᠪᠠ᠃ ᠲᠥᠯᠥᠭᠡᠯᠡᠭᠴᠢᠳ ᠪᠤᠳᠤᠭᠰᠠᠨ ᠢᠶᠠᠨ | ᠠᠭᠤᠵᠢᠷᠠᠲᠠᠯ᠎ᠠ ᠶᠠᠷᠢᠵᠤ᠂ ᠮᠡᠳᠡᠭᠦᠯᠦᠯᠲᠡ ᠶᠢᠨ ᠠᠭᠤᠯᠭ᠎ᠠ ᠵᠢᠴᠢ ᠲᠤᠰ ᠪᠡᠶ᠎ᠡ ᠶᠢᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠶᠠᠷᠢᠯᠴᠠᠵᠤ᠂ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠤᠯᠠᠨ ᠢᠶᠠᠷ ᠢᠶᠠᠨ᠂ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠪᠣᠳᠠᠲᠠᠢ ᠳᠤ ᠰᠠᠭᠤᠷᠢᠯᠠᠵᠤ᠂ ᠭᠤᠣᠯ ᠰᠡᠳᠦᠪ ᠨᠢ | ᠲᠤᠪᠤᠶᠢᠮ᠎ᠠ᠂ ᠰᠤᠳᠠᠰᠤ ᠨᠢ ᠲᠣᠳᠣᠷᠬᠠᠢ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠪᠠᠨ ᠳ᠋ᠦᠩᠨᠡᠬᠦ ᠨᠢ ᠪᠤᠰᠤᠳᠴᠢ | ᠪᠣᠳᠠᠲᠠᠢ᠂ 2025 ᠣᠨ ᠤ ᠠᠵᠢᠯ ᠤᠨ ᠪᠠᠶᠢᠷᠢᠯᠠᠭᠤᠯᠤᠯᠲᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ | ᠯᠢᠶᠠᠩᠴᠧᠩ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠦᠵᠡᠯ ᠰᠠᠨᠠᠭᠠᠨ ᠤ ᠵᠢᠯᠤᠭᠤᠳᠤᠯᠭ᠎ᠠ ᠶᠢᠨ ᠴᠢᠨᠠᠷ ᠲᠠᠢ | ᠮᠥᠷᠲᠡᠭᠡᠨ ᠦᠢᠯᠡᠳᠦᠯᠭᠡ ᠶᠢᠨ ᠵᠢᠯᠣᠭᠤᠳᠬᠤ ᠴᠢᠨᠠᠷ ᠲᠠᠢ ᠪᠠᠶᠢᠵᠤ᠂ ᠠᠷᠠᠳ ᠤᠯᠠᠨ ᠤ ᠠᠩᠬᠠᠷᠴᠤ ᠪᠠᠶᠢᠭ᠎ᠠ | ᠠᠰᠠᠭᠤᠳᠠᠯ ᠳᠤ ᠬᠠᠷᠢᠭᠤᠯᠲᠠ ᠥᠭᠴᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭ ᠰᠠᠨᠠᠭ᠎ᠠ ᠪᠠᠨ | ᠬᠥᠪᠴᠢᠯᠡᠵᠦ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠰᠠᠶᠢᠨ ᠢᠯᠡᠳᠬᠡᠯ ᠪᠣᠯᠵᠠᠢ ᠭᠡᠵᠦ ᠰᠠᠨᠠᠯ | ᠨᠢᠭᠡᠲᠡᠢ ᠦᠵᠡᠪᠡ᠃ | | | | | ᠠᠷᠠᠳ ᠤᠨ ᠲᠥᠯᠥᠭᠡᠯᠡᠭᠴᠢ ᠰᠢᠦᠢ ᠴᠦᠨ ᠪᠥᠸᠤ | ᠰᠢᠶᠠᠩ ᠪᠠᠯᠭᠠᠰᠤᠨ ᠤ ᠨᠢᠭᠡᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ 2025 ᠣᠨ ᠳᠤ ᠪᠢᠳᠡ | ᠪᠦᠬᠦ ᠰᠢᠶᠠᠨ ᠤ ᠭᠤᠣᠯ ᠠᠵᠢᠯ ᠤᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠠᠪᠤᠨ | ᠬᠦᠴᠦᠷᠬᠡᠭ ᠰᠢᠶᠠᠨ︾ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠤᠰᠤ ᠠᠷᠪᠢᠯᠠᠬᠤ ᠠᠵᠢᠯᠯᠠᠭ᠎ᠠ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ | ᠬᠢᠵᠦ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠤᠪᠢ ᠨᠡᠮᠡᠷᠢ ᠪᠠᠨ | ᠦᠵᠡᠭᠦᠯᠦᠨ᠎ᠡ᠃ | | | | | | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠶᠦ᠋ᠨ ᠷᠦᠢ | ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ | ᠬᠤᠪᠢ ᠳᠤ᠂ ᠪᠢ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠮᠠᠨ ᠤ ᠲᠣᠰᠬᠤᠨ ᠤ | ᠬᠤᠶᠠᠷ ᠵᠥᠪᠯᠡᠯ ᠪᠣᠯᠤᠨ ᠤᠯᠠᠨ ᠲᠦᠮᠡᠨ ᠤ ᠳᠤᠮᠳᠠ ᠤᠯᠠᠮᠵᠢᠯᠠᠨ᠎ᠠ᠂ ᠬᠤᠷᠠᠯ ᠤᠨ ᠲᠠᠷᠠᠭ᠎ᠠ᠂ ᠮᠠᠨ ᠤ ᠮᠠᠢ ᠱᠧᠩ | ᠲᠣᠰᠬᠤᠨ ᠤ ᠨᠠᠮ ᠤᠨ ᠡᠭᠦᠷ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠲᠣᠰᠬᠤᠨ ᠤ | ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠵᠤ᠂ ᠲᠣᠰᠬᠤᠨ ᠤ ᠠᠷᠠᠳ ᠤᠨ ᠵᠠᠰᠠᠯᠲᠠ ᠶᠢᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠰᠣᠨᠣᠰᠴᠤ᠂ ᠤᠯᠠᠨ ᠲᠦᠮᠡᠨ ᠤ ᠦᠢᠯᠡᠳᠪᠦᠷᠢᠯᠡᠯ ᠳᠤᠮᠳᠠᠬᠢ ᠠᠰᠢᠭ ᠲᠤᠰᠠ ᠶᠢᠨ ᠶᠠᠪᠤᠳᠠᠯ ᠪᠣᠯᠤᠨ | ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢᠨ ᠬᠠᠮᠲᠤ ᠮᠠᠶᠢᠱᠧᠩ ᠤᠨ ᠣᠨᠴᠠᠭᠠᠢ ᠭᠠᠵᠠᠷ ᠣᠷᠣᠨ ᠪᠣᠯᠤᠨ ᠰᠣᠶᠣᠯ | ᠢᠷᠭᠡᠨᠰᠢᠯ ᠤᠨ ᠠᠵᠤ ᠦᠢᠯᠡᠰ ᠤᠨ ᠳᠠᠪᠠᠭᠤᠯᠢᠭ ᠢ ᠭᠦᠢᠴᠡᠳ ᠠᠭᠤᠳᠠᠯᠤᠨ ᠠᠰᠢᠭᠯᠠᠵᠤ᠂ ᠲᠣᠰᠬᠤᠨ ᠤ ᠠᠷᠠᠳ ᠤᠨ | ᠪᠠᠶᠠᠵᠢᠨ ᠴᠢᠨᠡᠭᠡᠯᠢᠭᠵᠢᠬᠦ ᠠᠷᠭ᠎ᠠ ᠵᠠᠮ ᠢ ᠥᠷᠭᠡᠳᠬᠡᠵᠦ᠂ ᠲᠣᠰᠬᠤᠨ ᠤ ᠠᠷᠠᠳ ᠤᠨ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | |