ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠠᠷᠢᠶᠠᠲᠤ ᠣᠷᠣᠨ ᠤ ᠠᠷᠠᠳ ᠣᠯᠠᠨ ᠤ ᠠᠮᠤᠷ ᠲᠦᠪᠰᠢᠨ | ᠡᠶ᠎ᠡ ᠨᠠᠶᠢᠷᠠᠮᠳᠠᠭᠤ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠯᠢᠶᠠᠩᠴᠧᠩ | ᠰᠢᠶᠠᠨ ᠬᠠᠷᠢᠶᠠᠲᠤ ᠣᠷᠣᠨ ᠤ ᠪᠠᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ | ᠥᠷᠨᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠢ | ᠪᠥᠬᠦ ᠬᠦᠴᠦᠨ ᠢᠶᠠᠷ ᠢᠶᠠᠨ ᠪᠠᠲᠤᠯᠠᠪᠠ᠃ ᠬᠠᠤᠯᠢ ᠬᠡᠷᠡᠭᠵᠢᠭᠦᠯᠬᠦ ᠠᠵᠢᠯᠲᠠᠨ ᠵᠢᠯ ᠤᠨ ᠰᠡᠭᠦᠯᠴᠢ ᠵᠢᠯ ᠤᠨ ᠡᠬᠢᠨ ᠤ | ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠣᠮᠣ ᠬᠡᠲᠦ ᠳᠡᠯᠭᠡᠭᠦᠷ | ᠂ ᠮᠢᠬᠠᠨ ᠢᠳᠡᠭᠡᠨ ᠤ ᠳᠡᠯᠭᠡᠭᠦᠷ ᠪᠣᠯᠤᠨ ᠢᠳᠡᠭᠡᠨ ᠤᠮᠳᠠᠭᠠᠨ ᠤ ᠦᠢᠯᠡᠴᠢᠯᠡᠬᠡᠨ ᠤ ᠨᠢᠬᠡᠴᠢ ᠳᠤ ᠭᠦᠨᠵᠡᠭᠡᠶᠢᠷᠡᠵᠦ᠂ | ᠮᠢᠬᠠᠨ ᠤ ᠵᠦᠢᠯ᠂ ᠢᠳᠡᠰᠢᠨ ᠨᠣᠭᠤᠭ᠎ᠠ᠂ ᠵᠢᠮᠢᠰ᠂ ᠠᠮᠤ ᠲᠣᠰᠣ ᠵᠡᠷᠭᠡ ᠪᠠᠶᠠᠷ ᠤᠨ ᠡᠳᠦᠷ ᠤᠨ ᠪᠣᠷᠣᠯᠠᠭᠤᠯᠭ᠎ᠠ | ᠰᠠᠶᠢᠲᠠᠶ ᠢᠳᠡᠭᠡᠨ ᠤ ᠵᠦᠢᠯ ᠳᠤ ᠴᠢᠩᠭ᠎ᠠ ᠨᠢᠮᠪᠠᠶ ᠪᠠᠶᠢᠴᠠᠭᠠᠯᠲᠠ ᠬᠢᠵᠦ᠂ ᠢᠳᠡᠭᠡᠨ ᠤ ᠦᠢᠯᠡᠳᠪᠦᠷᠢᠯᠡᠯ | ᠡᠵᠡᠩᠨᠡᠯᠲᠡ ᠶᠢᠨ ᠭᠤᠤᠯ ᠴᠣᠭᠴᠠ ᠶᠢᠨ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠠᠷᠭ᠎ᠠ ᠵᠠᠮ᠂ ᠭᠡᠷᠡᠴᠢ | ᠪᠠᠷᠢᠮᠲᠠ ᠠᠪᠬᠤ᠂ ᠴᠢᠨᠠᠷ ᠢ ᠪᠠᠲᠤᠯᠠᠬᠤ ᠬᠤᠭᠤᠴᠠᠭ᠎ᠠ᠂ ᠬᠠᠭᠤᠷᠮᠠᠭ ᠢᠶᠠᠷ ᠦᠨᠡᠨ ᠢ ᠣᠷᠣᠯᠠᠭᠤᠯᠬᠤ᠂ ᠮᠠᠭᠤ ᠪᠠᠷ | ᠰᠠᠶᠢᠨ ᠢ ᠣᠷᠣᠯᠠᠭᠤᠯᠬᠤ ᠵᠡᠷᠭᠡ ᠦᠢᠯᠡ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠢᠳᠡᠭᠡᠨ ᠤ ᠠᠮᠤᠷ ᠲᠦᠪᠰᠢᠨ ᠤ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ᠡᠪᠦᠯ ᠤᠨ ᠤᠯᠠᠷᠢᠯ ᠸᠢᠷᠦ᠋ᠰ ᠳᠡᠯᠭᠡᠷᠡᠵᠤ᠂ ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠵᠦᠢᠯ ᠤᠨ ᠶᠠᠰᠤ | ᠴᠢᠨᠠᠷ ᠤᠨ ᠠᠮᠤᠷ ᠲᠦᠪᠰᠢᠨ ᠬᠢᠭᠡᠳ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠴᠢᠩᠭ᠎ᠠ ᠠᠳᠬᠤᠵᠤ᠂ | ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠡᠮ ᠤᠨ | ᠵᠦᠢᠯ ᠢ ᠡᠵᠡᠩᠨᠡᠬᠦ᠂ ᠬᠡᠷᠡᠭᠯᠡᠬᠦ ᠨᠢᠭᠡᠴᠢ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ᠂ ᠡᠵᠡᠩᠨᠡᠯᠲᠡ ᠶᠢᠨ | ᠬᠢᠷᠢ ᠬᠡᠮ᠂ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠮ ᠤᠨ ᠵᠦᠢᠯ ᠢ ᠬᠤᠳᠠᠯᠳᠤᠨ | ᠣᠷᠣᠭᠤᠯᠬᠤ ᠠᠷᠭ᠎ᠠ ᠵᠠᠮ ᠨᠢ ᠬᠠᠤᠯᠢ ᠶᠣᠰᠣᠨ ᠳᠤ ᠨᠡᠶᠢᠴᠡᠬᠦ ᠡᠰᠡᠬᠦ᠂ ᠪᠣᠭᠤᠳᠠᠯᠯᠠᠬᠤ ᠢᠯᠡᠳᠬᠡᠮᠵᠢ ᠶᠢᠨ | ᠳᠤᠯᠠᠭᠠᠨ ᠤ ᠬᠡᠮᠵᠢᠶ᠎ᠡ ᠵᠡᠷᠭᠡ ᠱᠠᠭᠠᠷᠳᠠᠯᠭ᠎ᠠ ᠶᠣᠰᠣᠭᠠᠷ ᠡᠮ ᠤᠨ ᠵᠦᠢᠯ ᠢ ᠬᠠᠳᠠᠭᠠᠯᠠᠭᠰᠠᠨ ᠡᠰᠡᠬᠦ᠂ ᠵᠣᠷ ᠤᠨ | ᠡᠮ ᠤᠨ ᠪᠣᠷᠣᠯᠠᠭᠤᠯᠭ᠎ᠠ ᠨᠢ ᠵᠢᠷᠤᠮᠵᠢᠭᠰᠠᠨ ᠡᠰᠡᠬᠦ ᠵᠡᠷᠭᠡ ᠭᠤᠭᠴᠤᠭ᠎ᠠ ᠳᠤ ᠭᠤᠤᠯᠳᠠᠯᠭ᠎ᠠ ᠲᠠᠢ ᠪᠠᠷ ᠪᠠᠶᠢᠴᠠᠭᠠᠯᠲᠠ | ᠬᠢᠪᠡ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠮ ᠤᠨ ᠵᠦᠢᠯ ᠤᠨ ᠡᠵᠡᠩᠨᠡᠯᠲᠡ ᠶᠢᠨ ᠨᠢᠭᠡᠴᠢ ᠶᠢᠨ | ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢ ᠲᠦᠷᠭᠢᠯᠳᠦᠨ ᠥᠰᠬᠡᠬᠦ᠂ | ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠥᠷᠭᠡᠨ ᠣᠯᠠᠨ ᠠᠷᠠᠳ ᠲᠦᠮᠡᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ | ᠪᠠᠲᠤᠯᠠᠪᠠ᠃ ᠤᠷᠴᠢᠭᠤᠯᠤᠭᠴᠢ᠄ ᠬᠦᠰᠡᠯ ᠬᠢᠨᠠᠭᠴᠢ᠄ ᠠᠷᠢᠭᠤᠨ | |