ᠬᠤᠲᠠ ᠶᠢᠨ ᠤᠳᠤᠷᠢᠳᠤᠯᠭ᠎ᠠ ᠯᠢ ᠱᠦ ᠶᠤᠸᠠᠨ᠂ ᠴᠠᠢ ᠶᠤᠸᠠᠢ ᠮᠠᠨ ᠤ ᠰᠢᠶᠠᠨ ᠳᠤ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨ᠎ᠡ ᠪᠣᠯᠭᠤᠭᠠᠨ ᠲᠣᠬᠤᠨᠢᠭᠤᠯᠬᠤ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/1/21
   ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 19 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠴᠡᠷᠢᠭ ᠤᠨ ᠬᠤᠪᠢᠶᠠᠷᠢ ᠲᠣᠭᠤᠷᠢᠭ ᠤᠨ ᠺᠣᠮᠠᠨᠳ᠋ᠯᠠᠭᠴᠢ ᠯᠢ ᠱᠦ ᠶᠤᠸᠠᠨ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠴᠠᠢ ᠶᠤᠸᠠᠢ ᠨᠠᠷ ᠮᠠᠨ ᠤ ᠰᠢᠶᠠᠨ ᠳᠤ ᠭᠦᠨᠵᠡᠭᠡᠶᠢᠷᠡᠨ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ᠂ ᠠᠵᠢᠯ ᠤᠨ ᠪᠠᠶᠢᠷᠢ ᠳᠤ ᠪᠠᠶᠢᠭ᠎ᠠ ᠠᠷᠠᠳ ᠤᠨ ᠴᠠᠭᠳᠠᠭ᠎ᠠ ᠪᠣᠯᠤᠨ ᠠᠬᠠᠮᠠᠳ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠪᠠᠶᠠᠷ ᠤᠨ ᠡᠳᠦᠷ ᠤᠨ ᠬᠤᠭᠤᠴᠠᠭᠠᠨ ᠳᠤ ᠠᠶᠤᠯᠭᠦᠶ ᠦᠢᠯᠡᠳᠪᠦᠷᠢᠯᠡᠯ ᠢ ᠪᠠᠶᠢᠴᠠᠭᠠᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠵᠧᠩ ᠳ᠋ᠦᠩ ᠫᠢᠩ᠂ ᠵᠤᠤ ᠿᠢ ᠪᠢᠨ᠂ ᠴᠧᠨ ᠰᠢᠶᠤᠤ ᠹᠧᠩ᠂ ᠲᠢᠶᠠᠨ ᠳ᠋ᠦᠩ ᠪᠥᠸᠧ ᠣᠷᠣᠯᠴᠠᠪᠠ᠃    ᠠᠨ ᠽᠢ ᠱᠠᠨ ᠢᠷᠠᠭᠤ ᠠᠯᠳᠠᠷ ᠤᠨ ᠬᠦᠷᠢᠶᠡᠯᠡᠩ᠂ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠨᠠᠰᠤᠲᠠᠶᠢᠴᠤᠳ ᠤᠨ ᠢᠳᠡᠵᠦ ᠤᠤᠭᠤᠬᠤ ᠬᠤᠨᠣᠵᠤ ᠬᠡᠪᠲᠡᠬᠦ᠂ ᠠᠮᠢᠳᠤᠷᠠᠯ ᠢ ᠬᠠᠷᠠᠭᠠᠯᠵᠠᠬᠤ ᠵᠡᠷᠭᠡ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠡᠳᠡᠨ ᠢ ᠥᠲᠡᠯᠪᠡᠯ ᠠᠰᠠᠷᠠᠮᠵᠢ ᠲᠠᠢ᠂ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠬᠦ ᠬᠡᠷᠡᠭᠲᠡᠢ ᠭᠡᠵᠦ ᠵᠠᠬᠢᠪᠠ᠃    ᠠᠬᠠᠮᠠᠳ ᠴᠡᠷᠢᠭ ᠠᠴᠠ ᠬᠠᠯᠠᠭᠳᠠᠭᠰᠠᠨ ᠵᠤᠤ ᠰᠢ ᠸᠧᠨ ᠤ ᠭᠡᠷ ᠲᠤ᠂ ᠲᠣᠬᠤᠨᠢᠭᠤᠯᠬᠤ ᠳᠤᠭᠤᠶᠢᠯᠠᠩ ᠤᠨ ᠬᠢᠨ ᠠᠬᠠᠮᠠᠳ ᠴᠡᠷᠢᠭ ᠠᠴᠠ ᠬᠠᠯᠠᠭᠳᠠᠭᠰᠠᠳ ᠤᠨ ᠤᠯᠤᠰ ᠣᠷᠣᠨ᠂ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠡᠭᠦᠨ ᠤ ᠬᠠᠮᠲᠤ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃    ᠯᠢᠶᠠᠩᠴᠧᠩ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠵᠠᠮ ᠬᠠᠷᠢᠯᠴᠠᠭᠠᠨ ᠤ ᠴᠠᠭᠳᠠᠭ᠎ᠠ ᠳᠤ ᠪᠠᠶᠠᠷ ᠤᠨ ᠡᠳᠦᠷ ᠠᠴᠠ ᠡᠮᠦᠨᠡᠬᠢ ᠮᠡᠨᠳᠦᠴᠢᠯᠡᠯ ᠪᠠ ᠴᠢᠩ ᠰᠡᠳᠬᠢᠯ ᠤᠨ ᠬᠠᠯᠠᠮᠵᠢᠯᠠᠯ ᠬᠦᠷᠭᠡᠪᠡ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠪᠥᠬᠦ ᠠᠷᠠᠳ ᠤᠨ ᠴᠠᠭᠳᠠᠭ᠎ᠠ ᠶᠠᠳᠠᠷᠠᠬᠤ ᠠᠴᠠ ᠠᠶᠤᠬᠤ ᠥᠬᠡᠶ᠂ ᠦᠷᠭᠦᠯᠵᠢᠯᠡᠨ ᠪᠠᠶᠢᠯᠳᠤᠬᠤ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ ᠭᠡᠵᠡᠶ᠃    ᠯᠢᠶᠠᠩᠴᠧᠩ ᠤᠨ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠳᠤ᠂ ᠯᠢ ᠱᠦ ᠶᠤᠸᠠᠨ᠂ ᠴᠠᠢ ᠶᠤᠸᠠᠢ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠣᠭᠤᠳᠴᠤ᠂ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠪᠦᠯ ᠬᠠᠪᠤᠷ ᠤᠨ ᠤᠯᠠᠷᠢᠯ ᠵᠢᠴᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠠᠷᠠᠳ ᠤᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠦᠰᠡᠪᠡ᠃                                        ᠨᠠᠶᠢᠷᠠᠭᠤᠯᠤᠭᠴᠢ᠄   ᠴᠧᠨ ᠰᠢᠶᠤᠤ ᠵᠢᠤᠸᠠᠨ                                        ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2