ᠪᠦᠬᠦ ᠰᠢᠶᠠᠨ ᠤ ᠬᠤᠶᠠᠷ ᠬᠤᠷᠠᠯ ᠤᠨ ᠠᠵᠢᠯ ᠤᠨ ᠢᠯᠡᠳᠬᠡᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠬᠢᠨᠠᠨ ᠶᠠᠷᠢᠯᠴᠠᠨ᠎ᠠ ︵ᠬᠤᠶᠠᠷ︶
ᠨᠡᠶᠢᠲᠡᠯᠡᠭᠰᠡᠨ ᠴᠠᠭ᠄
2025/1/21
  1 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠪᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠪᠤᠰᠤᠳ ᠢᠯᠡᠳᠬᠡᠯ ᠢ ᠬᠢᠨᠠᠨ  ᠶᠠᠷᠢᠯᠴᠠᠵᠤ᠂ ᠪᠥᠬᠦ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ ᠲᠥᠯᠥᠭᠡᠯᠡᠭᠴᠢᠳ᠂ ᠭᠡᠰᠢᠭᠦᠳ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ  ᠵᠤᠶᠢᠯ ᠤᠨ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ ᠰᠠᠶᠢᠲᠤᠷ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠢᠳᠡᠪᠬᠢᠲᠡᠶ  ᠭᠦᠢᠴᠡᠳᠭᠡᠵᠦ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠯᠢᠶᠠᠩᠴᠧᠩ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
     ᠠᠷᠠᠳ ᠤᠨ ᠲᠥᠯᠥᠭᠡᠯᠡᠭᠴᠢ ᠳ᠋ᠧᠩ ᠳ᠋ᠦᠩ ᠮᠧᠢ    ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ᠂ ᠵᠧᠩ ᠳ᠋ᠦᠩ ᠫᠢᠩ ᠰᠢᠶᠠᠨ ᠤ ᠳᠠᠷᠤᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠦ᠂ ᠢᠯᠡᠳᠬᠡᠯ ᠳᠤ 2024 ᠣᠨ ᠤ ᠠᠵᠢᠯ ᠢ ᠡᠷᠭᠢᠴᠡᠭᠦᠯᠵᠦ᠂ ᠭᠤᠣᠯ ᠰᠡᠳᠦᠪ ᠢᠯᠡ ᠲᠣᠳᠣ᠂ ᠡᠭᠦᠷᠭᠡ ᠪᠣᠳᠠᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠵᠢᠷᠭᠤᠭᠠᠨ ᠢᠨᠵᠧᠨᠧᠷᠢᠩ ᠵᠢᠷᠭᠤᠭᠠᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠲᠠᠪᠤᠨ ᠬᠦᠴᠦᠷᠬᠡᠭ ᠰᠢᠶᠠᠨ ᠢ ᠪᠦᠳᠦᠭᠡᠨ ᠪᠠᠶᠢᠭᠤᠯᠬᠤ ᠳᠤᠮᠳᠠ ᠼᠣᠣ ᠨᠢᠶᠠᠨ ᠬᠦᠴᠦᠨ ᠴᠢᠳᠠᠯ ᠢᠶᠠᠨ ᠡᠷᠭᠦᠨ᠎ᠡ᠃
       ᠠᠷᠠᠳ ᠤᠨ ᠲᠥᠯᠥᠭᠡᠯᠡᠭᠴᠢ ᠸᠠᠩ ᠶᠧ    ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠨᠢ ᠮᠠᠨ ᠤ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠪᠠᠶᠢᠳᠠᠯ ᠲᠠᠢ ᠳᠡᠭᠡᠳᠦ ᠬᠡᠮᠵᠢᠶ᠎ᠡ ᠪᠠᠷ ᠨᠡᠶᠢᠴᠡᠬᠦ ᠮᠥᠷᠲᠡᠭᠡᠨ ᠪᠠᠰᠠ ᠠᠷᠠᠳ ᠣᠯᠠᠨ ᠤ ᠬᠦᠰᠡᠯ ᠡᠷᠡᠮᠡᠯᠵᠡᠯ ᠳᠤ ᠤᠶᠢᠷᠠᠲᠤᠭᠰᠠᠨ ᠪᠠᠶᠢᠨ᠎ᠠ᠃ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠡᠭᠦᠷᠭᠡ ᠬᠠᠷᠢᠭᠤᠴᠠᠯᠭ᠎ᠠ ᠶᠢᠨ ᠢᠷᠠᠭᠤ ᠠᠯᠳᠠᠷ ᠢᠶᠠᠨ ᠭᠦᠨᠵᠡᠭᠡᠢ ᠣᠶᠢᠯᠠᠭᠠᠵᠤ᠂ ᠢᠷᠡᠭᠡᠳᠦᠢ ᠶᠢᠨ ᠠᠵᠢᠯ ᠠᠮᠢᠳᠤᠷᠠᠯ ᠤᠨ ᠳᠤᠮᠳᠠ᠂ ᠪᠢ ᠨᠡᠩ ᠢᠳᠡᠪᠬᠢᠲᠡᠢ ᠴᠢᠷᠮᠠᠶᠢᠵᠤ᠂ ᠡᠷᠬᠢᠨ ᠲᠣᠭᠤᠷᠢᠨ ᠤ ᠠᠷᠠᠳ ᠤᠯᠠᠨ ᠢ ᠲᠠᠶᠢᠴᠢᠯᠠᠨ ᠬᠠᠮᠲᠤᠪᠠᠷ ᠪᠠᠶᠠᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃
    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠦᠨ ᠳ᠋ᠦᠩ ᠬᠤᠩ    ᠵᠧᠩ ᠰᠢᠶᠠᠨ ᠤ ᠳᠠᠷᠤᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠨᠠᠢᠮᠠᠳᠤᠭᠠᠷ ᠰᠤᠮᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠤᠯᠠᠨ ᠤᠳᠠᠭ᠎ᠠ ᠳᠤᠷᠠᠳᠴᠠᠢ᠃ ᠪᠢ ᠨᠠᠮ ᠤᠨ ᠡᠭᠦᠷ ᠤᠨ ᠱᠦᠵᠢ ᠪᠣᠯᠤᠭᠰᠠᠨ ᠤ ᠬᠤᠪᠢ ᠳᠤ᠂ ᠬᠠᠷᠢᠭᠠᠳ ᠵᠠᠪᠠᠯ ᠠᠷᠠᠳ ᠤᠯᠠᠨ ᠳᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠡᠨᠡᠬᠦ ᠮᠡᠳᠡᠭᠦᠯᠦᠯᠲᠡ ᠶᠢ ᠰᠠᠶᠢᠲᠤᠷ ᠤᠬᠠᠭᠤᠯᠤᠨ ᠲᠠᠶᠢᠯᠪᠤᠷᠢᠯᠠᠨ᠎ᠠ᠂ ᠪᠢ ᠪᠠᠰᠠ ᠯᠠᠪᠲᠠᠢ ᠬᠠᠮᠤᠭ ᠤᠨ ᠦᠨᠳᠦᠰᠦᠨ ᠱᠠᠲᠤᠨ ᠤ ᠦᠢᠯᠡᠴᠢᠯᠡᠭᠴᠢ ᠪᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠤᠨ᠎ᠠ ᠶᠢᠨ ᠰᠠᠯᠬᠢ ᠶᠢ ᠵᠠᠪᠳᠤᠵᠤ᠂ ᠲᠣᠰᠬᠤᠨ ᠤ ᠠᠷᠠᠳ ᠢ ᠳᠠᠭᠠᠭᠤᠯᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠵᠦ᠂ ᠲᠣᠰᠬᠤᠨ ᠤ ᠠᠷᠠᠳ ᠢ ᠨᠡᠩ ᠰᠠᠶᠢᠨ ᠰᠠᠶᠢᠬᠠᠨ ᠠᠮᠢᠳᠤᠷᠠᠭᠤᠯᠤᠨ᠎ᠠ ᠭᠡᠪᠡ᠃
     ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠯᠢ ᠰᠢᠤᠸᠠᠢ ᠹᠧᠩ    ᠪᠢ ᠡᠮ ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠲᠦᠷᠦᠭᠦᠦ ᠨᠢᠭᠡ ᠵᠢᠯ ᠳᠤ ᠪᠠᠰᠠ ᠢᠳᠡᠪᠬᠢᠲᠡᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠪᠣᠯᠤᠨ᠎ᠠ᠂ ᠢᠯᠠᠩᠭᠤᠶ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ ᠮᠠᠨ ᠤ ᠰᠢᠶᠠᠨ ᠤ ᠥᠷᠭᠡᠨ ᠤᠯᠠᠨ ᠠᠷᠠᠳ ᠲᠦᠮᠡᠨ ᠤ ᠡᠷᠡᠭᠦᠯ ᠮᠡᠨᠳᠦ ᠶᠢ ᠠᠬᠢᠭᠤᠯᠬᠤ ᠲᠠᠯ᠎ᠠ ᠪᠠᠷ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠵᠠᠷᠢᠮ ᠰᠠᠨᠠᠯ ᠳᠤᠷᠠᠳᠤᠯᠭ᠎ᠠ ᠶᠢ ᠳᠤᠷᠠᠳᠴᠠᠢ᠂ ᠲᠡᠭᠡᠪᠡᠯ ᠳᠠᠷᠠᠭᠠᠴᠢ ᠶᠢᠨ ᠵᠢᠯ ᠤᠨ ᠠᠵᠢᠯ ᠤᠨ ᠳᠤᠮᠳᠠ ᠪᠠᠨ ᠤᠯᠤᠰ ᠲᠦᠷᠦ ᠶᠢᠨ ᠵᠥᠪᠯᠡᠯᠭᠡᠨ ᠤ ᠨᠢᠭᠡᠨ ᠭᠡᠰᠢᠭᠦᠳ ᠤᠨ ᠡᠭᠦᠷᠭᠡ ᠬᠠᠷᠢᠭᠤᠴᠠᠯᠭ᠎ᠠ ᠶᠢ ᠦᠷᠭᠦᠯᠵᠢᠯᠡᠨ ᠢᠳᠡᠪᠬᠢᠲᠡᠢ ᠪᠠᠳᠠᠷᠠᠭᠤᠯᠵᠤ᠂ ᠤᠯᠠᠨ ᠲᠦᠮᠡᠨ ᠤ ᠳᠡᠷᠭᠡᠳᠡᠬᠢ ᠡᠷᠡᠭᠦᠯ ᠮᠡᠨᠳᠦ ᠶᠢᠨ ᠠᠰᠠᠭᠤᠳᠠᠯ ᠢ ᠭᠦᠨᠵᠡᠭᠡᠢ ᠣᠶᠢᠯᠠᠭᠠᠵᠤ᠂ ᠨᠡᠩ ᠴᠢᠨᠠᠷ ᠰᠠᠶᠢᠲᠠᠢ ᠰᠠᠨᠠᠯ ᠵᠥᠪᠯᠡᠯᠭᠡ ᠳᠤᠷᠠᠳᠴᠤ᠂ ᠮᠠᠨ ᠤ ᠰᠢᠶᠠᠨ ᠤ ᠡᠷᠡᠭᠦᠯ ᠮᠡᠨᠳᠦ ᠶᠢᠨ ᠦᠢᠯᠡᠰ ᠢ ᠠᠬᠢᠭᠤᠯᠤᠨ᠎ᠠ᠃                                             ᠨᠠᠶᠢᠷᠠᠭᠤᠯᠤᠭᠴᠢ᠄   ᠶᠠᠩ  ᠿᠦᠢ ᠵᠧᠨ                                             ᠤᠷᠴᠢᠭᠤᠯᠤᠭᠴᠢ  ᠄   ᠼᠦᠢ ᠴᠢᠩ                                                                    
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2