1 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠯᠢᠶᠠᠩᠴᠧᠩ ᠰᠢᠶᠠᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠪᠠ ᠰᠢᠶᠠᠨ ᠤ | ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠯᠢᠶᠠᠩᠴᠧᠩ ᠰᠢᠶᠠᠨ ᠤ ᠬᠤᠷᠢᠶᠠᠨ ᠤ | ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠪᠠ ᠪᠤᠰᠤᠳ ᠢᠯᠡᠳᠬᠡᠯ ᠢ ᠬᠢᠨᠠᠨ ᠶᠠᠷᠢᠯᠴᠠᠵᠤ ᠶᠠᠷᠢᠯᠴᠠᠵᠤ᠂ ᠪᠥᠬᠦ ᠰᠢᠶᠠᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ | | | | | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠱᠢ ᠬᠤᠩ ᠹᠧᠩ | ᠰᠠᠶ᠋ᠢ ᠵᠧᠩ ᠳ᠋ᠦᠩ ᠫᠢᠩ ᠰᠢᠶᠠᠨ ᠤ ᠳᠠᠷᠤᠭ᠎ᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ | ᠬᠢᠨᠠᠮᠠᠭᠠᠢ ᠰᠣᠨᠣᠰᠴᠤ᠂ ᠬᠥᠮᠦᠰ ᠤᠨ ᠰᠡᠳᠬᠢᠯ ᠢ ᠮᠠᠰᠢ ᠵᠣᠷᠢᠭᠵᠢᠭᠤᠯᠪᠠ᠃ ᠮᠡᠳᠡᠭᠦᠯᠦᠯᠲᠡ ᠨᠢ ᠰᠤᠷᠭᠠᠨ | ᠬᠥᠮᠦᠵᠢᠯ ᠳᠤ ᠨᠡᠩ ᠥᠨᠳᠥᠷ ᠬᠦᠰᠡᠯ ᠡᠷᠡᠮᠡᠯᠵᠡᠯ ᠪᠠ ᠬᠦᠰᠡᠯ ᠡᠷᠡᠮᠡᠯᠵᠡᠯ ᠳᠤᠷᠠᠳᠤᠭᠰᠠᠨ ᠪᠥᠭᠡᠳ ᠬᠦᠴᠦᠲᠡᠢ | ᠳᠡᠮᠵᠢᠯᠭᠡ ᠦᠵᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠰᠤᠷᠤᠭᠴᠢ ᠪᠠᠷ | ᠦᠨᠳᠦᠰᠦ ᠪᠣᠯᠭᠠᠬᠤ ᠭᠤᠣᠯᠯᠠᠭᠴᠢ ᠣᠶᠢᠯᠠᠭᠠᠭᠳᠠᠬᠤᠨ ᠳᠤ ᠰᠠᠭᠤᠷᠢᠯᠠᠵᠤ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠬᠢᠴᠢᠶᠡᠯ ᠤᠨ ᠪᠠᠶᠢᠭᠤᠯᠤᠯᠲᠠ ᠶᠢ | ᠴᠢᠩᠭᠠᠳᠬᠠᠵᠤ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠪᠠᠭᠰᠢ ᠳᠤ ᠰᠡᠳᠦᠪ ᠰᠤᠳᠤᠯᠬᠤ ᠲᠠᠪᠴᠠᠩ ᠪᠠᠶᠢᠭᠤᠯᠵᠤ᠂ ᠬᠥᠬᠢᠭᠦᠯᠦᠨ ᠱᠠᠩᠨᠠᠬᠤ ᠲᠠᠪᠴᠠᠩ ᠪᠠᠶᠢᠭᠤᠯᠵᠤ᠂ ᠪᠦᠬᠦ | ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠷᠭᠦᠯᠵᠢᠯᠡᠨ ᠲᠣᠭᠲᠠᠭᠤᠨ ᠢᠶᠠᠷ | ᠳᠡᠭᠡᠭᠰᠢᠯᠡᠭᠦᠯᠵᠦ᠂ ᠳᠠᠬᠢᠨ ᠰᠢᠨ᠎ᠡ ᠳᠡᠭᠲᠡᠷ ᠲᠤ ᠭᠠᠷᠬᠤ ᠪᠣᠯᠤᠨ᠎ᠠ᠃ | | | | | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠱᠢ ᠪᠠᠢ ᠶᠢᠨ | ᠥᠨᠥ ᠦᠳᠡ ᠶᠢᠨ ᠡᠮᠦᠨ᠎ᠡ᠂ ᠪᠢ ᠵᠣᠣ ᠡᠷᠬᠢᠯᠡᠭᠴᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠢᠯᠡᠳᠬᠡᠯ ᠤᠨ ᠭᠤᠣᠯ ᠰᠡᠳᠦᠪ | ᠲᠣᠳᠣᠷᠬᠠᠢ᠂ ᠰᠡᠳᠬᠢᠴᠡ ᠲᠣᠳᠣᠷᠬᠠᠢ᠂ ᠪᠤᠰᠤᠳᠴᠢ ᠪᠠᠷ ᠦᠨᠡᠨ ᠢ ᠪᠠᠷᠢᠮᠲᠠᠯᠠᠨ ᠥᠩᠭᠡᠷᠡᠭᠰᠡᠨ ᠨᠢᠭᠡ ᠵᠢᠯ ᠤᠨ | ᠠᠵᠢᠯ ᠢᠶᠠᠨ ᠳ᠋ᠦᠩᠨᠡᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠲᠥᠯᠥᠭᠡᠯᠡᠭᠴᠢ ᠪᠣᠯᠤᠭᠰᠠᠨ ᠤ | ᠬᠤᠪᠢ ᠳᠤ᠂ ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠤᠯᠠᠮᠵᠢᠯᠠᠵᠤ᠂ ᠰᠠᠶᠢᠲᠤᠷ ᠤᠬᠠᠭᠤᠯᠵᠤ᠂ ᠰᠠᠶᠢᠲᠤᠷ | ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠪᠠ ᠡᠭᠦᠷᠭᠡ ᠲᠠᠢ᠃ ᠪᠢ ᠲᠣᠰᠬᠤᠨ ᠤ ᠪᠣᠳᠠᠲᠤ ᠪᠠᠶᠢᠳᠠᠯ ᠲᠠᠢ ᠨᠢᠭᠲᠠ | ᠤᠶᠠᠯᠳᠤᠭᠤᠯᠵᠤ᠂ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠣᠰᠬᠤᠨ ᠤ ᠠᠷᠠᠳ ᠢ ᠳᠠᠭᠠᠭᠤᠯᠤᠨ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠬᠥᠳᠡᠭᠡ | ᠲᠣᠰᠬᠤᠨ ᠢ ᠪᠦᠳᠦᠭᠡᠨ ᠪᠠᠶᠢᠭᠤᠯᠤᠨ᠎ᠠ᠃ | | | | | ᠠᠷᠠᠳ ᠤᠨ ᠲᠥᠯᠥᠭᠡᠯᠡᠭᠴᠢ ᠵᠠᠩ ᠰᠢᠤ ᠬᠤᠸᠠ | ᠪᠢ ᠬᠠᠮᠤᠭ ᠤᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠠᠰᠠ ᠴᠤ ᠨᠠᠮ ᠤᠨ ᠡᠭᠦᠷ ᠤᠨ ᠳᠡᠳ᠋ ᠱᠦᠵᠢ ᠮᠥᠨ᠂ ᠠᠷᠠᠳ | ᠲᠦᠮᠡᠨ ᠨᠠᠮᠠᠶᠢ ᠲᠥᠯᠥᠭᠡᠯᠡᠭᠴᠢ ᠪᠣᠯᠬᠤ ᠶᠢ ᠴᠠᠭ ᠢᠮᠠᠭᠲᠠ ᠪᠠᠲᠤ ᠴᠡᠭᠡᠵᠢᠯᠡᠵᠦ᠂ ᠪᠢ ᠤᠳᠤ ᠦᠶ᠎ᠡ ᠶᠢᠨ | ᠪᠠᠶᠢᠳᠠᠯ ᠢᠶᠠᠷ ᠠᠷᠠᠳ ᠲᠦᠮᠡᠨ ᠤ ᠲᠥᠯᠥᠭᠡ ᠵᠢᠳᠬᠦᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ | ᠠᠵᠢᠯᠯᠠᠬᠤ ᠶᠢ ᠢᠮᠠᠭᠲᠠ ᠲᠤᠤᠱᠯᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠣᠳᠠᠲᠠᠢ | ᠠᠵᠢᠯᠯᠠᠬᠤ ᠦᠢᠯᠡᠳᠦᠯ ᠢ ᠳᠠᠪᠲᠠᠨ ᠪᠣᠯᠪᠠᠰᠤᠷᠠᠭᠤᠯᠵᠤ᠂ ᠵᠣᠷᠢᠭᠲᠠᠢ ᠪᠠᠷ ᠬᠢᠬᠦ᠂ ᠵᠣᠷᠢᠭᠲᠠᠢ ᠪᠠᠷ ᠬᠢᠬᠦ᠂ | ᠵᠣᠷᠢᠭᠲᠠᠢ ᠪᠠᠷ ᠬᠢᠬᠦ ᠶᠢ ᠲᠤᠪᠤᠶᠢᠯᠭᠠᠵᠦ᠂ ᠤᠯᠠᠨ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠨ ᠪᠤᠳᠤᠵᠤ᠂ | ᠤᠯᠠᠨ ᠲᠦᠮᠡᠨ ᠤ ᠪᠤᠳᠤᠵᠤ ᠪᠠᠶᠢᠭ᠎ᠠ ᠶᠠᠪᠤᠳᠠᠯ ᠢ ᠪᠦᠲᠦᠭᠡᠵᠦ᠂ ᠤᠯᠠᠨ ᠲᠦᠮᠡᠨ ᠤ ᠶᠠᠪᠤᠳᠠᠯ ᠢ ᠭᠠᠳᠠᠭᠰᠢ ᠭᠠᠷᠭᠠᠬᠤ | ᠦᠭᠡᠢ᠂ ᠶᠡᠭᠡ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ ᠪᠠᠶᠢᠬᠤ ᠶᠢ ᠪᠠᠷᠢᠮᠲᠠᠯᠠᠪᠠ᠃ ᠵᠠᠯᠭᠠᠭᠠᠳ᠂ 2025 | ᠣᠨ ᠳᠤ᠂ ᠪᠢ ᠲᠣᠰᠬᠤᠨ ᠤ ᠠᠷᠠᠳ ᠢ ᠳᠠᠭᠠᠭᠤᠯᠤᠨ ᠠᠯᠠᠰᠢᠨ ᠦᠬᠡᠷ᠂ ᠠᠯᠠᠰᠢᠨ ᠬᠤᠨᠢ ᠵᠡᠷᠭᠡ ᠠᠵᠤ ᠦᠢᠯᠡᠰ ᠢ | ᠦᠷᠭᠦᠯᠵᠢᠯᠡᠨ ᠬᠥᠭᠵᠢᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠲᠣᠰᠬᠤᠨ ᠤ ᠠᠷᠠᠳ ᠤᠨ | ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ | | | | | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠯᠢ ᠫᠧᠢ ᠫᠧᠢ | ᠥᠨᠥᠳᠥᠷ ᠵᠣᠤ ᠲᠡᠷᠢᠭᠦᠯᠡᠭᠴᠢ ᠶᠢᠨ ᠠᠵᠢᠯ ᠤᠨ ᠮᠡᠳᠡᠭᠦᠯᠦᠯᠲᠡ ᠠᠴᠠ ᠨᠠᠳᠠ ᠲᠣᠩ ᠣᠯᠠᠨ ᠰᠠᠨᠠᠭᠳᠠᠵᠤ | ᠪᠠᠶᠢᠨ᠎ᠠ᠃ ᠨᠢᠭᠡᠳᠦᠭᠡᠷ᠄ 2024 ᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠡᠷᠭᠢᠴᠡᠭᠦᠯᠪᠡᠯ᠂ ᠮᠠᠨ ᠤ | ᠤᠯᠤᠰ ᠲᠦᠷᠦ ᠶᠢᠨ ᠵᠥᠪᠯᠡᠯᠭᠡᠨ ᠤ ᠠᠵᠢᠯ ᠢ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠴᠥᠮ ᠲᠦᠢᠯ ᠤᠨ | ᠪᠣᠳᠠᠲᠠᠢ ᠪᠠᠶᠢᠬᠤ ᠶᠢ ᠦᠨᠡᠨ ᠬᠦ ᠣᠯᠵᠤ ᠬᠠᠷᠠᠵᠤ᠂ ᠮᠠᠨ ᠤ ᠠᠷᠠᠳ ᠲᠦᠮᠡᠨ ᠤ ᠲᠥᠯᠥᠭᠡ ᠮᠠᠨ ᠤ ᠠᠵᠤ | ᠠᠬᠤᠶᠢᠯᠠᠯ ᠳᠤ ᠮᠠᠰᠢ ᠤᠯᠠᠨ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ ᠥᠭᠴᠡᠢ᠃ ᠬᠤᠶᠠᠳᠤᠭᠠᠷ ᠲᠤ᠂ | 2025 ᠣᠨ ᠤ ᠠᠵᠢᠯ ᠤᠨ ᠲᠥᠯᠥᠪᠵᠢᠭᠦᠯᠭᠡ ᠳᠤ᠂ ᠵᠤᠤ ᠲᠡᠷᠢᠭᠦᠯᠡᠭᠴᠢ ᠰᠠᠨᠠᠯ ᠵᠥᠪᠯᠡᠯᠭᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠶᠢ ᠪᠠᠲᠤᠯᠠᠵᠤ᠂ ᠭᠡᠰᠢᠭᠦᠳ ᠤᠨ ᠬᠠᠮᠲᠤ ᠶᠢᠨ ᠰᠠᠨᠠᠯ ᠵᠥᠪᠯᠡᠯᠭᠡ᠂ ᠨᠡᠷ᠎ᠡ ᠬᠤᠯᠪᠣᠭᠠᠯᠠᠭᠰᠠᠨ ᠰᠠᠨᠠᠯ | ᠳᠤᠷᠠᠳᠤᠯᠭ᠎ᠠ ᠶᠢ ᠢᠯᠡᠭᠦᠬᠡᠨ ᠳᠤᠷᠠᠳᠬᠤ ᠶᠢ ᠰᠠᠨᠠᠭᠠᠴᠢᠯᠠᠵᠤ᠂ ᠮᠠᠨ ᠤ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠠᠵᠢᠯ ᠳᠤ ᠠᠵᠢᠯ ᠤᠨ ᠠᠷᠭ᠎ᠠ ᠪᠠ ᠠᠷᠭ᠎ᠠ ᠬᠡᠯᠪᠡᠷᠢ ᠶᠢ ᠳᠤᠷᠠᠳᠤᠨ ᠭᠠᠷᠭᠠᠵᠤ᠂ ᠤᠯᠠᠨ ᠢᠶᠠᠷ ᠢᠶᠠᠨ | ᠲᠦᠯᠡᠭᠡ ᠲᠡᠭᠦᠨ ᠢᠶᠠᠷ ᠥᠨᠳᠥᠷ ᠪᠠᠶᠢᠵᠤ᠂ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠠᠮᠲᠤ ᠶᠢᠨ | ᠰᠠᠨᠠᠯ ᠳᠤᠷᠠᠳᠤᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠤᠳᠤᠯᠵᠠᠢ᠃ ᠡᠶᠢᠮᠤᠷᠬᠦ ᠪᠤᠯ ᠬᠦᠢᠠ ᠬᠦᠢᠠᠵᠠᠭᠡᠢ | ᠴᠢᠨᠠᠷ ᠰᠠᠶᠢᠲᠠᠢ ᠰᠠᠨᠠᠯ ᠳᠣᠷᠠᠳᠣᠯᠭ᠎ᠠ ᠲᠠᠪᠰᠢᠭᠦᠯᠵᠤ᠂ ᠮᠠᠨ ᠤ ᠯᠢᠶᠠᠩᠴᠧᠩ ᠰᠢᠶᠠᠨ ᠤ ᠬᠦᠢᠭᠵᠢᠯᠲᠠ ᠳᠤ ᠮᠠᠨ ᠤ | ᠬᠡᠰᠢᠭᠦᠣᠠ ᠤᠨ ᠬᠤᠪᠢ ᠨᠠᠮᠠᠷᠢ ᠪᠠᠨ ᠡᠷᠭᠦᠨ᠎ᠡ᠃ | ᠨᠠᠶᠢᠷᠠᠭᠤᠯᠤᠭᠴᠢ᠄ ᠶᠠᠩ ᠿᠦᠢ ᠵᠧᠨ | ᠤᠷᠴᠢᠭᠤᠯᠤᠭᠴᠢ ᠄ ᠼᠦᠢ ᠴᠢᠩ | | | |