ᠯᠢᠶᠠᠩᠴᠧᠩ ᠰᠢᠶᠠᠨ᠄ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠶᠢ ᠬᠡᠷ ᠲᠤᠨᠢ ᠬᠦᠷᠭᠡᠵᠦ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠰᠡᠳᠬᠢᠯᠭᠡ ᠭᠦᠨ ᠵᠤᠵᠠᠭᠠᠨ ᠪᠠᠶᠢᠨ᠎ᠠ
ᠨᠡᠶᠢᠲᠡᠯᠡᠭᠰᠡᠨ ᠴᠠᠭ᠄
2025/1/25
   ᠭᠠᠪᠢᠶ᠎ᠠ ᠪᠠᠶᠢᠭᠤᠯᠵᠤ ᠢᠯᠠᠯᠲᠠ ᠶᠢᠨ ᠴᠢᠮᠡᠭᠡ ᠤᠯᠠᠮᠵᠢᠯᠠᠨ᠂ ᠪᠠᠶᠠᠷ ᠤᠨ ᠮᠡᠳᠡᠭᠡ ᠶᠢ ᠭᠡᠷ ᠲᠤ ᠨᠢ ᠬᠦᠷᠭᠡᠨ᠎ᠡ᠃ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 1 ᠰᠠᠷ᠎ᠠ ᠶᠢᠨ 23 ᠤ ᠡᠳᠦᠷ᠂ ᠯᠢᠶᠠᠩᠴᠧᠩ ᠰᠢᠶᠠᠨ ᠵᠠᠩ ᠴᠧᠨ ᠾᠦᠢ᠂ ᠯᠢᠦ ᠬᠤᠩ ᠢᠦᠶ᠂ ᠸᠠᠩ ᠢᠦᠶ ᠯᠦ᠂ ᠭᠦᠸᠧ ᠢᠦᠶ ᠴᠢᠩ ᠵᠡᠷᠭᠡ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠠᠯᠪᠠ ᠬᠠᠭᠠᠵᠤ ᠪᠠᠶᠢᠭ᠎ᠠ ᠴᠡᠷᠢᠭ ᠤᠨ ᠬᠡᠷ ᠪᠦᠯᠢ ᠳᠤ ᠪᠠᠶᠠᠷ ᠤᠨ ᠮᠡᠳᠡᠭᠡ ᠬᠦᠷᠭᠡᠪᠡ᠃ ᠴᠡᠷᠢᠭ ᠬᠥᠮᠦᠨ ᠭᠠᠪᠢᠶ᠎ᠠ ᠪᠠᠢᠭᠤᠯᠵᠤ ᠱᠠᠩᠨᠠᠯ ᠣᠯᠬᠤ ᠪᠣᠯ ᠠᠪᠤ ᠡᠵᠢ ᠶᠢᠨ ᠣᠮᠣᠭᠰᠢᠯ ᠮᠥᠨ᠃ ᠢᠷᠠᠭᠤ ᠠᠯᠳᠠᠷ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠴᠡᠷᠢᠭ ᠤᠨ ᠭᠡᠷ ᠲᠤ᠂ ᠲᠣᠬᠤᠨᠢᠭᠤᠯᠬᠤ ᠳᠤᠭᠤᠶᠢᠯᠠᠩ ᠤᠨ ᠬᠢᠨ ᠭᠡᠷ ᠪᠦᠯᠢ ᠶᠢᠨ ᠬᠢᠨ ᠳᠤ ᠤᠯᠠᠭᠠᠨ ᠬᠤᠸᠠᠷ ᠡᠯᠭᠦᠵᠦ᠂ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠵᠢᠴᠢ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠭᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠭᠡᠷ ᠪᠦᠯᠢ ᠶᠢᠨ ᠠᠮᠢᠳᠤᠷᠠᠯ ᠂ ᠠᠵᠢᠯ ᠤᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠡᠭᠦᠨ ᠤ ᠬᠠᠮᠲᠤ ᠵᠢᠩᠬᠢᠨᠢ ᠠᠯᠪᠠᠨ ᠤ ᠴᠡᠷᠢᠭ ᠤᠨ ᠴᠡᠷᠢᠭ ᠠᠩᠭᠢ ᠳᠤ ᠣᠯᠤᠭᠰᠠᠨ ᠰᠢᠯᠢᠳᠡᠭ ᠬᠢᠷᠢ ᠪᠦᠲᠦᠮᠵᠢ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠳᠡᠨ ᠤ ᠴᠡᠷᠢᠭ ᠠᠩᠭᠢ ᠳᠤ ᠰᠢᠯᠢᠳᠡᠭ ᠴᠢᠳᠠᠪᠤᠷᠢᠲᠠᠨ ᠬᠥᠮᠦᠵᠢᠭᠦᠯᠵᠦ᠂ ᠨᠤᠲᠤᠭ ᠤᠰᠤᠨ ᠳᠠᠭᠠᠨ ᠢᠷᠠᠭᠤ ᠠᠯᠳᠠᠷ ᠣᠯᠭᠤᠭᠰᠠᠨ ᠳᠤ ᠲᠠᠯᠠᠷᠬᠠᠵᠤ ᠪᠠᠶᠢᠨ᠎ᠠ᠂ ᠬᠡᠷ ᠪᠦᠯᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠡᠦᠬᠡᠳ ᠤᠳ ᠤᠨ ᠪᠠᠲᠤ ᠴᠢᠩᠭ᠎ᠠ ᠥᠮᠥᠭ ᠲᠦᠰᠢᠭ ᠢ ᠦᠷᠭᠦᠯᠵᠢᠯᠡᠨ ᠰᠠᠶᠢᠲᠤᠷ ᠬᠢᠵᠦ᠂ ᠳᠠᠬᠢᠨ ᠰᠢᠯᠢᠳᠡᠭ ᠠᠮᠵᠢᠯᠲᠠ ᠣᠯᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ᠨᠤᠲᠤᠭ ᠤᠰᠤᠨ ᠳᠠᠭᠠᠨ ᠦᠷᠭᠦᠯᠵᠢᠯᠡᠨ ᠬᠡᠷᠡᠯ ᠭᠢᠯᠪᠠᠭ᠎ᠠ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ ᠭᠠᠪᠢᠶ᠎ᠠ ᠪᠠᠶᠢᠭᠤᠯᠤᠭᠰᠠᠨ ᠪᠠᠶᠠᠷ ᠤᠨ ᠮᠡᠳᠡᠭᠡ ᠴᠡᠷᠢᠭ ᠬᠥᠮᠦᠨ ᠤ ᠡᠷᠬᠢᠮ ᠳᠡᠭᠡᠳᠦ ᠢᠷᠠᠭᠤ ᠠᠯᠳᠠᠷ ᠢ ᠠᠴᠢᠶᠠᠯᠠᠵᠤ᠂ ᠴᠡᠷᠢᠭ ᠤᠨ ᠭᠡᠷ ᠪᠦᠯᠢ ᠶᠢᠨ ᠭᠤᠶᠠᠴᠢ ᠦᠭᠡᠢ ᠬᠤᠪᠢ ᠨᠡᠮᠡᠷᠢ ᠨᠢᠭᠳᠠᠷᠠᠭᠤᠯᠵᠤ ᠪᠠᠶᠢᠨ᠎ᠠ᠃    ᠤᠢᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠢᠷᠠᠭᠤ ᠠᠯᠳᠠᠷᠳᠤ ᠴᠡᠷᠢᠭ ᠤᠨ ᠭᠠᠪᠢᠶ᠎ᠠ ᠪᠠᠶᠢᠭᠤᠯᠤᠭᠰᠠᠨ ᠴᠡᠷᠢᠭ ᠬᠥᠮᠦᠨ ᠨᠢᠭᠡᠪᠦᠷᠢ ᠴᠥᠮ ᠪᠠᠶᠠᠷ ᠤᠨ ᠮᠡᠳᠡᠭᠡ ᠬᠦᠷᠭᠡᠬᠦ ᠠᠵᠢᠯᠯᠠᠭ᠎ᠠ ᠥᠷᠨᠢᠭᠦᠯᠵᠦ᠂ ᠴᠡᠷᠢᠭ ᠤᠨ ᠭᠡᠷ ᠪᠦᠯᠢ ᠳᠤ ᠨᠠᠮ ᠪᠣᠯᠤᠨ ᠤᠯᠤᠰ ᠠᠴᠠ ᠴᠡᠷᠢᠭ ᠬᠥᠮᠦᠨ ᠢ ᠬᠦᠨᠳᠦᠳᠬᠡᠬᠦ ᠪᠠ ᠴᠡᠷᠢᠭ ᠤᠨ ᠭᠡᠷ ᠪᠦᠯᠢ ᠶᠢ ᠬᠠᠶᠢᠷᠠᠯᠠᠬᠤ ᠰᠡᠳᠬᠢᠯᠭᠡ ᠶᠢ ᠮᠡᠳᠡᠷᠡᠭᠦᠯᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠢᠷᠠᠭᠤ ᠠᠯᠳᠠᠷᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠶᠢ ᠨᠡᠮᠡᠭᠳᠡᠭᠦᠯᠵᠦ᠂ ᠡᠷᠴᠢ ᠵᠣᠷᠢᠭ ᠲᠠᠢ ᠵᠠᠯᠠᠭᠤᠴᠤᠳ ᠤᠨ ᠴᠡᠷᠢᠭ ᠤᠨ ᠬᠤᠸᠠᠷᠠᠨ ᠳᠤ ᠣᠷᠣᠯᠴᠠᠵᠤ ᠡᠬᠡ ᠤᠯᠤᠰ ᠲᠠᠭᠠᠨ ᠬᠦᠴᠦ ᠪᠠᠨ ᠡᠷᠭᠦᠬᠦ ᠬᠠᠯᠠᠭᠤᠨ ᠰᠡᠳᠬᠢᠯᠭᠡ ᠶᠢ ᠬᠥᠭᠵᠢᠭᠡᠨ᠎ᠡ᠃                                           ᠤᠷᠴᠢᠭᠤᠯᠤᠭᠴᠢ᠄ ᠬᠦᠰᠡᠯ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2